ᠦᠶᠤᠸᠠᠨ ᠰᠢᠶᠠᠨ ᠤ ᠨᠢᠭᠦᠯᠡᠰᠦᠩᠭᠦᠢ ᠶᠢᠨ ᠨᠡᠶᠢᠭᠡᠮᠯᠢᠭ ᠬᠤᠶᠠᠳᠤᠭᠠᠷ ᠤᠳᠠᠭᠠᠨ ᠤ ᠭᠡᠰᠢᠭᠦᠳ ᠤᠨ ᠶᠡᠭᠡ ᠬᠤᠷᠠᠯ ᠵᠢᠴᠢ ᠬᠤᠶᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠡᠷᠡᠭ ᠡᠷᠬᠢᠯᠡᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/15
      10 ᠰᠠᠷ᠎ᠠ ᠶᠢᠨ 8 ᠤ ᠡᠳᠦᠷ᠂ ᠦᠶᠤᠸᠠᠨ ᠰᠢᠶᠠᠨ ᠤ ᠨᠢᠭᠦᠯᠡᠰᠦᠩᠭᠦᠢ ᠶᠢᠨ ᠨᠡᠶᠢᠭᠡᠮᠯᠢᠭ ᠬᠤᠶᠠᠳᠤᠭᠠᠷ ᠤᠳᠠᠭᠠᠨ ᠤ ᠭᠡᠰᠢᠭᠦᠳ ᠤᠨ ᠶᠡᠭᠡ ᠬᠤᠷᠠᠯ ᠵᠢᠴᠢ ᠬᠤᠶᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠡᠷᠡᠭ ᠡᠷᠬᠢᠯᠡᠭᠴᠢᠳ ᠤᠨ ᠬᠤᠷᠠᠯ ᠬᠤᠷᠠᠯᠳᠤᠪᠠ᠃ ᠵᠠᠰᠠᠭ ᠤᠨ ᠣᠷᠳᠣᠨ ᠤ ᠰᠢᠶᠠᠨ ᠤ ᠲᠡᠳ᠋ ᠳᠠᠷᠤᠭ᠎ᠠ ᠱᠤᠤ ᠶᠦᠩ ᠪᠢᠨ ᠬᠤᠷᠠᠯ ᠳᠤ ᠣᠷᠣᠯᠴᠠᠪᠠ᠃       ᠬᠤᠷᠠᠯ ᠨᠢ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠵᠦ᠂ ᠠᠷᠠᠳ ᠤᠨ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠶᠡᠭᠡ ᠬᠤᠷᠠᠯ ᠳᠤ ︽ ᠦᠶᠤᠸᠠᠨ ᠰᠢᠶᠠᠨ ᠤ ᠨᠢᠭᠦᠯᠡᠰᠦᠩᠭᠦᠢ ᠶᠢᠨ ᠨᠡᠶᠢᠭᠡᠮᠯᠢᠭ ᠤᠨ ᠬᠤᠶᠠᠳᠤᠭᠠᠷ ᠤᠳᠠᠭᠠᠨ ᠤ ᠭᠡᠰᠢᠭᠦᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾ ᠬᠢᠵᠦ᠂ ᠣᠶᠢᠷ᠎ᠠ ᠶᠢᠨ ᠵᠢᠯ ᠤᠨ ᠦᠶᠤᠸᠠᠨ ᠰᠢᠶᠠᠨ ᠤ ᠨᠢᠭᠦᠯᠡᠰᠦᠩᠭᠦᠢ ᠶᠢᠨ ᠨᠡᠶᠢᠭᠡᠮᠯᠢᠭ ᠤᠨ ᠠᠵᠢᠯ ᠢ ᠡᠷᠭᠢᠴᠡᠭᠦᠯᠦᠨ ᠳ᠋ᠦᠩᠨᠡᠪᠡ᠃ ᠠᠷᠠᠳ ᠤᠨ ᠶᠠᠪᠤᠳᠠᠯ ᠤᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠤ ︽ᠦᠶᠤᠸᠠᠨ ᠰᠢᠶᠠᠨ ᠤ ᠨᠢᠭᠦᠯᠡᠰᠦᠩᠭᠦᠢ ᠶᠢᠨ ᠨᠡᠶᠢᠭᠡᠮᠯᠢᠭ ᠤᠨ ᠡᠳ᠋ ᠤᠨ ᠶᠠᠪᠤᠳᠠᠯ ᠤᠨ ᠮᠡᠳᠡᠭᠦᠯᠦᠯᠲᠡ︾ ᠬᠢᠪᠡ᠃       ᠬᠤᠷᠠᠯ ᠠᠴᠠ ︽ᠦᠶᠤᠸᠠᠨ ᠰᠢᠶᠠᠨ ᠤ ᠨᠢᠭᠦᠯᠡᠰᠦᠩᠭᠦᠢ ᠶᠢᠨ ᠨᠡᠶᠢᠭᠡᠮᠯᠢᠭ ᠤᠨ ᠳᠦᠷᠢᠮ︾ ︵ᠵᠠᠰᠠᠪᠤᠷᠢ ᠣᠷᠣᠭᠤᠯᠤᠭᠰᠠᠨ ᠨᠣᠣᠷᠠᠭ︶ ᠢ ᠬᠢᠨᠠᠨ ᠵᠥᠪᠯᠡᠵᠦ ᠪᠠᠲᠤᠯᠠᠪᠠ︔ ︽ᠦᠶᠤᠸᠠᠨ ᠰᠢᠶᠠᠨ ᠤ ᠨᠢᠭᠦᠯᠡᠰᠦᠩᠭᠦᠢ ᠶᠢᠨ ᠨᠡᠶᠢᠭᠡᠮᠯᠢᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠷᠭ᠎ᠠ ︵ᠲᠥᠰᠥᠯ︶︾᠂ ︽ᠦᠶᠤᠸᠠᠨ ᠰᠢᠶᠠᠨ ᠤ ᠨᠢᠭᠦᠯᠡᠰᠦᠩᠭᠦᠢ ᠶᠢᠨ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢᠳ ᠤᠨ ᠵᠢᠱᠢᠭᠳᠡᠭᠴᠢ ᠶᠢᠨ ᠨᠡᠷᠡᠰ︾ ᠵᠢᠴᠢ ︽ᠦᠶᠤᠸᠠᠨ ᠰᠢᠶᠠᠨ ᠤ ᠨᠢᠭᠦᠯᠡᠰᠦᠩᠭᠦᠢ ᠶᠢᠨ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠪᠠᠶᠢᠩᠭᠤ ᠶᠢᠨ ᠬᠡᠷᠡᠭ ᠡᠷᠬᠢᠯᠡᠭᠴᠢᠳ ᠤᠨ ᠵᠢᠱᠢᠭᠳᠡᠭᠴᠢ ᠶᠢᠨ ᠨᠡᠷᠡᠰ︾ ᠢ ᠬᠢᠨᠠᠨ ᠵᠥᠪᠯᠡᠵᠦ ᠪᠠᠲᠤᠯᠠᠪᠠ︔ ᠦᠶᠤᠸᠠᠨ ᠰᠢᠶᠠᠨ ᠤ ᠨᠢᠭᠦᠯᠡᠰᠦᠩᠭᠦᠢ ᠶᠢᠨ ᠨᠡᠶᠢᠭᠡᠮᠯᠢᠭ ᠤᠨ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠪᠠ᠃ ᠰᠢᠨ᠎ᠡ ᠪᠠᠷ ᠰᠣᠩᠭᠤᠭᠳᠠᠭᠰᠠᠨ ᠨᠡᠶᠢᠭᠡᠮᠯᠢᠭ ᠤᠨ ᠳᠠᠷᠤᠭ᠎ᠠ ᠱᠤᠤ ᠶᠦᠩ ᠪᠢᠨ ᠢᠯᠡᠷᠬᠡᠶᠢᠯᠡᠬᠦ ᠳᠡᠭᠡᠨ᠂ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠳᠦᠷᠢᠮ ᠤᠨ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ︽ᠵᠠᠰᠠᠭ ᠤᠨ ᠣᠷᠳᠣᠨ ᠠᠴᠠ ᠠᠬᠢᠭᠤᠯᠬᠤ᠂ ᠠᠷᠠᠳ ᠤᠨ ᠳᠤᠮᠳᠠ ᠠᠵᠢᠯᠯᠠᠭᠤᠯᠬᠤ᠂ ᠨᠡᠶᠢᠭᠡᠮ ᠤᠨ ᠬᠢᠨ ᠣᠷᠣᠯᠴᠠᠬᠤ᠂ ᠡᠯ᠎ᠡ ᠲᠠᠯ᠎ᠠ ᠶᠢᠨ ᠬᠢᠨ ᠬᠠᠮᠵᠢᠯᠴᠠᠬᠤ︾ ᠠᠵᠢᠯ ᠤᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠨᠢᠭᠦᠯᠡᠰᠦᠩᠭᠦᠢ ᠶᠢᠨ ᠠᠵᠢᠯ ᠤᠨ ᠲᠤᠰᠬᠠᠶᠢᠵᠢᠭᠰᠠᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠲᠣᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠠᠯᠬᠤᠮ ᠠᠯᠬᠤᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠬᠦᠴᠢᠷᠳᠡᠯᠲᠡᠢ ᠣᠯᠠᠨ ᠲᠦᠮᠡᠨ ᠤ ᠥᠪᠡᠷᠮᠢᠴᠡ᠂ ᠵᠦᠷᠢᠶᠡᠵᠢᠭᠰᠡᠨ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠪᠣᠳᠠᠰ ᠤᠨ ᠲᠥᠷᠥᠯ ᠪᠠ ᠦᠢᠯᠡᠴᠢᠯᠡᠭᠡᠨ ᠤ ᠲᠥᠷᠥᠯ ᠤᠨ ᠠᠪᠤᠷᠠᠨ ᠲᠤᠰᠠᠯᠠᠬᠤ ᠶᠢ ︽ᠪᠠᠶᠢᠳᠠᠯ ᠳᠤ ᠨᠢ ᠲᠣᠬᠢᠷᠠᠭᠤᠯᠤᠨ ᠲᠣᠭᠲᠠᠭᠠᠬᠤ︾ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠰᠠᠶᠢᠨ ᠶᠠᠪᠤᠳᠠᠯ ᠢ ᠣᠯᠠᠨ ᠲᠦᠮᠡᠨ ᠤ ᠰᠡᠳᠬᠢᠯ ᠳᠤ ᠬᠢᠵᠦ᠂ ᠪᠤᠶᠠᠨ ᠤ ᠵᠣᠭᠤᠰ ᠢ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠡᠷᠡᠭᠯᠡᠵᠦ᠂ ᠨᠢᠭᠦᠯᠡᠰᠦᠩᠭᠦᠢ ᠶᠢᠨ ᠦᠢᠯᠡᠰ ᠤᠨ ᠣᠨᠢᠨ ᠳᠡᠭᠡᠷ᠎ᠡ ᠨᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠠᠯ᠎ᠠ ᠪᠠᠷ ᠰᠢᠨ᠎ᠡ ᠲᠤᠷᠰᠢᠯᠭ᠎ᠠ ᠡᠭᠦᠳᠬᠦ ᠪᠠᠷ ᠴᠢᠷᠮᠠᠶᠢᠬᠤ ᠬᠡᠷᠡᠭᠲᠡᠢ᠃ ᠨᠢᠭᠦᠯᠡᠰᠦᠩᠭᠦᠢ ᠶᠢᠨ ᠬᠠᠨᠳᠢᠪ ᠴᠤᠭᠯᠠᠭᠤᠯᠬᠤ ᠠᠷᠭ᠎ᠠ ᠵᠠᠮ ᠢ ᠥᠷᠭᠡᠨ ᠢᠶᠠᠷ ᠨᠡᠭᠡᠭᠡᠵᠦ᠂ ᠨᠢᠭᠡ ᠪᠦᠯᠦᠭ ᠨᠢᠭᠦᠯᠡᠰᠦᠩᠭᠦᠢ ᠶᠢᠨ ᠨᠠᠷᠠᠲᠤ ᠲᠡᠮᠳᠡᠭᠲᠦ ᠶᠢ ᠢᠳᠡᠪᠬᠢᠲᠡᠢ ᠪᠤᠶᠢᠵᠢᠭᠤᠯᠤᠨ ᠬᠥᠭᠵᠢᠭᠦᠯᠵᠦ᠂ ᠦᠶᠤᠸᠠᠨ ᠰᠢᠶᠠᠨ ᠤ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠶᠢᠨ ᠬᠠᠮᠲᠤ ᠨᠠᠩ ᠣᠯᠠᠨ ᠬᠥᠮᠥᠨ ᠢ ᠨᠢᠭᠦᠯᠡᠰᠦᠩᠭᠦᠢ ᠶᠢᠨ ᠦᠢᠯᠡᠰ ᠲᠤ ᠣᠷᠣᠯᠴᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠨᠢᠭᠦᠯᠡᠰᠦᠩᠭᠦᠢ ᠶᠢᠨ ᠦᠢᠯᠡᠰ ᠤᠨ ᠬᠡᠪᠴᠢᠶᠡᠲᠦ ᠬᠥᠭᠵᠢᠯᠲᠡ ᠶᠢᠨ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠪᠣᠳᠠᠲᠠᠢ ᠶᠢ ᠡᠷᠬᠢᠮᠯᠡᠬᠦ ᠰᠤᠷᠲᠠᠯ᠂ ᠨᠠᠩ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠮᠠᠨ ᠤ ᠰᠢᠶᠠᠨ ᠤ ᠨᠢᠭᠦᠯᠡᠰᠦᠩᠭᠦᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ ᠦᠶᠤᠸᠠᠨ ᠰᠢᠶᠠᠨ ᠤ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃ 
ᠢᠷᠡᠯᠲᠡ᠄ ᠦᠶᠤᠸᠠᠨ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ