ᠥᠪᠥᠷ ᠮᠣᠩᠭᠤᠯ ᠤᠨ ᠡᠨᠧᠷᠭᠢ ᠶᠢᠨ ᠤᠷᠠᠳ ᠤᠨ ᠬᠤᠶᠢᠲᠤ ᠬᠤᠰᠢᠭᠤᠨ ᠤ 100 ᠲᠦᠮᠡᠨ ᠺᠢᠯᠣᠸᠠᠲ ᠤᠨ ᠰᠡᠯᠬᠢᠨ ᠴᠠᠬᠢᠯᠭᠠᠨ ᠨᠥᠭᠡᠴᠡᠯᠡᠬᠦ ᠰᠠᠭᠤᠷᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠶ ᠲᠥᠷᠥᠯ ᠵᠦᠢᠯ ᠨᠢ ᠠᠩᠬᠠᠳᠠᠭᠴᠢ 10MW ᠰᠠᠯᠬᠢᠨ ᠬᠦᠴᠦᠨ ᠤ ᠮᠠᠰᠢᠨ ᠢ ᠠᠮᠵᠢᠯᠲᠠᠲᠠᠶ ᠳᠡᠭᠦᠵᠢᠯᠡᠨ ᠤᠭᠰᠠᠷᠠᠪᠠ
ᠨᠡᠶᠢᠲᠡᠯᠡᠭᠰᠡᠨ ᠴᠠᠭ᠄
2024/10/15
      10 ᠰᠠᠷ᠎ᠠ ᠶᠢᠨ 7 ᠤ ᠡᠳᠦᠷ᠂ ᠦᠪᠦᠷ ᠮᠤᠩᠭᠤᠯ ᠤᠨ ᠡᠾᠦ᠋ᠢ ᠹᠧᠩ ᠡᠨᠧᠷᠬᠢ ᠶᠢᠨ ᠰᠤᠷᠪᠤᠯᠵᠢ ᠶᠢᠨ ᠬᠢᠵᠠᠭᠠᠷᠲᠤ ᠺᠤᠮᠫᠠᠨᠢ ᠠᠴᠠ ᠪᠦᠲᠦᠬᠡᠨ ᠪᠠᠶᠢᠭᠤᠯᠵᠤ ᠪᠠᠶᠢᠭ᠎ᠠ ᠤᠷᠠᠳ ᠤᠨ ᠬᠤᠶᠢᠲᠤ ᠬᠤᠰᠢᠭᠤᠨ ᠤ 100 ᠲᠦᠮᠡᠨ ᠺᠢᠯᠤᠧᠠᠲ ᠤᠨ ᠰᠠᠯᠬᠢ ᠨᠦᠬᠡᠴᠡᠯᠡᠭᠦ ᠰᠠᠭᠤᠷᠢᠨ ᠭᠠᠵᠠᠷ ᠤᠨ ᠠᠩᠬᠠᠲᠠᠭᠴᠢ 10 ᠰᠠᠶ᠎ᠠ ᠸᠠᠲ ᠤᠨ ᠰᠠᠯᠬᠢᠨ ᠬᠦᠴᠤᠨ ᠤ ᠮᠠᠰᠢᠨ ᠢ ᠤᠭᠰᠠᠷᠠᠬᠤ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠤᠷᠠᠳ ᠤᠨ ᠬᠤᠶᠢᠲᠤ ᠬᠤᠰᠢᠭᠤᠨ ᠤ 100 ᠲᠦᠮᠡᠨ ᠺᠢᠯᠤᠧᠠᠲ ᠤᠨ ᠰᠠᠯᠬᠢᠨ ᠴᠠᠬᠢᠯᠭᠠᠨ ᠨᠦᠭᠡᠴᠡᠯᠡᠭᠦ ᠰᠠᠭᠤᠷᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠢ ᠲᠦᠷᠦᠯ ᠵᠦᠢᠯ ᠤᠨ ᠪᠦᠭᠦ ᠪᠠᠭᠳᠠᠭᠠᠮᠵᠢ ᠪᠠᠷ ᠲᠤᠤᠷ ᠨᠡᠶᠢᠯᠡᠭᠦᠯᠤᠨ ᠴᠠᠭᠢᠯᠭᠠᠨ ᠭᠠᠷᠭᠠᠬᠤ ᠳᠤ ᠪᠠᠲᠤ ᠰᠠᠭᠤᠷᠢ ᠲᠠᠯᠪᠢᠪᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 357075.01 ᠲᠦᠮᠡᠨ ᠲᠥᠭᠦᠷᠢᠭ ᠪᠠᠶᠢᠵᠤ᠂ ᠪᠥᠲᠥᠭᠡᠨ ᠪᠠᠶᠢᠭᠤᠯᠬᠤ ᠲᠦᠷᠤᠯ ᠵᠦᠢᠯ ᠳᠤ 100 ᠰᠠᠤᠷᠢ 10 ᠰᠠᠶ᠎ᠠ ᠸᠠᠲ ᠤᠨ ᠰᠠᠯᠬᠢᠨ ᠬᠦᠴᠦᠨ ᠤ ᠮᠠᠰᠢᠨ ᠵᠢᠴᠢ ᠢᠵᠢ ᠪᠥᠷᠢᠳᠦᠭᠦᠯᠬᠦ ᠢᠨᠵᠧᠨᠧᠷᠢᠩ᠂ 2 ᠰᠠᠭᠤᠷᠢ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠴᠢ ᠠᠵᠢᠯᠯᠠᠭᠠᠨ ᠤ ᠬᠠᠮᠢᠶᠠᠷᠤᠯᠲᠠ ᠶᠢᠨ ᠲᠥᠪ ᠵᠡᠷᠭᠡ ᠢᠵᠢ ᠪᠥᠷᠢᠳᠦᠭᠦᠯᠬᠦ ᠲᠥᠬᠦᠭᠡᠷᠦᠮᠵᠢ ᠶᠢ ᠪᠠᠭᠲᠠᠭᠠᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 34.84 ᠳ᠋ᠦᠩᠰᠢᠭᠤᠷ ᠭᠷᠠᠳᠦ᠋ᠰ᠂ ᠵᠢᠯ ᠳᠤ 99.96 ᠲᠦᠮᠡᠨ ᠲᠣᠨ ᠨᠡᠭᠦᠷᠡᠰᠦ ᠠᠷᠪᠢᠯᠠᠵᠤ ᠪᠣᠯᠤᠨ᠎ᠠ᠃       ᠵᠠᠯᠭᠠᠭᠠᠳ᠂ ᠤᠷᠠᠳ ᠤᠨ ᠬᠤᠶᠢᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠤᠷᠠᠳ ᠤᠨ ᠬᠤᠶᠢᠲᠤ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠨᠥᠭᠡᠴᠡᠯᠡᠬᠦ ᠰᠠᠭᠤᠷᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠶ ᠲᠥᠷᠥᠯ ᠵᠦᠢᠯ ᠢ ᠪᠠᠶᠢᠩᠭᠤᠵᠢᠭᠤᠯᠤᠨ ᠲᠣᠬᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠲᠥᠷᠥᠯ ᠵᠦᠢᠯ ᠤᠨ ᠲᠣᠭᠲᠠᠭᠰᠠᠨ ᠪᠠᠷᠢᠯᠭ᠎ᠠ ᠶᠢᠨ ᠠᠬᠢᠴᠠ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠰᠢᠮᠳᠠᠭᠤᠯᠵᠤ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ