ᠦ᠋ ᠶᠣᠣ ᠯᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠢᠨᠵᠧᠨᠧᠷᠢᠩ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/15
      10 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠦ᠋ ᠶᠣᠣ ᠯᠢᠨ ᠬᠤᠰᠢᠭᠤᠨ ᠤ ᠬᠡᠦᠬᠡᠳ ᠤᠨ ᠴᠡᠴᠡᠷᠯᠢᠭ ᠤᠨ ᠭᠠᠯ ᠤᠨᠲᠠᠷᠠᠭᠠᠬᠤ ᠥᠭᠡᠷᠡᠴᠢᠯᠡᠯᠲᠡ᠂ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠲᠥᠷᠥᠯ  ᠵᠦᠢᠯ ᠪᠣᠯᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠵᠢᠴᠢ ᠪᠠᠶᠢᠷᠢ ᠶᠢᠨ ᠠᠰᠠᠷ ᠤᠨ ᠲᠥᠷᠥᠯ  ᠵᠦᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠣᠨᠣᠰᠪᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠢ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠣᠬᠢᠴᠠᠭᠤᠯᠵᠦ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠨ᠂ ᠬᠠᠮᠢᠶ᠎ᠠ ᠪᠥᠬᠦᠶ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ ᠪᠠ ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠰᠢᠷᠢᠰ ᠲᠥᠷᠥ ᠶᠢᠨ ᠪᠣᠳᠣᠯᠭ᠎ᠠ ᠶᠢᠨ ᠲᠠᠯ᠎ᠠ  ᠪᠠᠷ ᠠᠯᠬᠤᠮ ᠢᠶᠠᠨ ᠲᠦᠷᠭᠡᠳᠬᠡᠵᠦ᠂ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ