ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 9 ᠳ᠋ᠦ᠋ᠭᠡᠷ ᠰᠠᠷ᠎ᠠ ᠶᠢᠨ 23 ᠤ ᠡᠳᠦᠷ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠭᠤᠯᠵᠤ ᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢᠨ ᠶᠡᠷᠦᠩᠬᠡᠢ ᠠᠬᠢᠴᠠ ᠶᠢᠨ ᠦᠷ᠎ᠡ ᠪᠦᠲᠦᠮᠵᠢ ᠶᠢᠨ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠪᠠ ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠄ ᠡᠨᠡ ᠵᠢᠯ ᠤᠨ | 3 ᠳ᠋ᠤᠭᠠᠷ ᠰᠠᠷ᠎ᠠ ᠳᠤ ᠂ ᠲᠥᠷᠥ ᠶᠢᠨ ᠶᠠᠪᠤᠳᠠᠯ ᠤᠨ ᠬᠤᠷᠢᠶ᠎ᠠ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯᠡᠰ ᠢ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ ᠂ ᠡᠨᠡ ᠬᠦ ᠠᠵᠢᠯ ᠳᠤ ᠪᠥᠬᠦ ᠲᠠᠯ᠎ᠠ ᠶᠢᠨ | ᠪᠠᠶᠢᠷᠢᠯᠠᠭᠤᠯᠤᠯᠲᠠ ᠬᠢᠪᠠ︔ 7 ᠳ᠋ᠤᠭᠠᠷ ᠰᠠᠷ᠎ᠠ ᠳᠤ ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠶᠠᠮᠤᠨ ᠬᠠᠮᠲᠤᠷᠠᠨ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯᠡᠰ ᠢ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ ᠂ ︽ᠬᠤᠶᠠᠷ ᠰᠢᠨ᠎ᠡ︾ ᠠᠵᠢᠯ ᠢ | ᠬᠦᠴᠦᠯᠡᠨ ᠳᠡᠮᠵᠢᠬᠦ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ ᠃ ᠣᠶᠢᠷ᠎ᠠ ᠶᠢᠨ ᠬᠤᠶᠠᠷ ᠰᠠᠷ᠎ᠠ ᠠᠴᠠ ᠨᠠᠭᠠᠰᠢᠬᠢ ᠠᠵᠢᠯ ᠤᠨ | ᠠᠬᠢᠴᠠ ᠶᠢ ︽ᠭᠤᠷᠪᠠᠨ ᠪᠦᠬᠦ ᠲᠠᠯ᠎ᠠ︾ ᠪᠠᠷ ᠬᠤᠷᠢᠶᠠᠩᠭᠤᠶᠢᠯᠠᠵᠤ ᠪᠣᠯᠣᠨ᠎ᠠ ᠭᠡᠪᠡ ᠃ | ᠨᠢᠭᠡ ᠂ ᠲᠦᠭᠦᠷᠵᠢᠭᠦᠯᠬᠦ ᠨᠠᠷᠢᠨ ᠳᠦᠷᠢᠮ ᠢ ᠪᠦᠬᠦ ᠲᠠᠯ᠎ᠠ ᠪᠠᠷ ᠨᠡᠶᠢᠲᠡᠯᠡᠪᠡ ᠃ ᠪᠥᠬᠦ ᠤᠯᠤᠰ ᠤᠨ ᠬᠡᠪᠴᠢᠶᠡᠨ ᠠᠴᠠ ᠦᠵᠡᠪᠡᠯ ᠂ ︽ᠬᠤᠶᠠᠷ ᠰᠢᠨ᠎ᠡ︾ ᠶᠢ | ᠬᠦᠴᠦᠯᠡᠨ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠭᠰᠡᠨ ᠤ ᠳᠠᠷᠠᠭ᠎ᠠ ᠂ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠮᠡᠳᠡᠭᠳᠡᠯ | ᠵᠢᠴᠢ ᠠᠵᠤ ᠦᠢᠯᠡᠳᠪᠦᠷᠢ ᠶᠢᠨ ᠲᠥᠬᠦᠭᠡᠷᠦᠮᠵᠢ ᠂ ᠡᠨᠧᠷᠭᠢ ᠬᠡᠷᠡᠭᠯᠡᠬᠦ ᠲᠥᠬᠦᠭᠡᠷᠦᠮᠵᠢ ᠂ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠂ ᠲᠡᠭᠡᠭᠡᠪᠦᠷᠢᠯᠡᠨ | ᠡᠵᠡᠩᠨᠡᠬᠦ ᠣᠩᠭᠤᠴᠠ ᠂ ᠲᠡᠭᠡᠭᠡᠪᠦᠷᠢᠯᠡᠨ ᠡᠵᠡᠩᠨᠡᠬᠦ ᠪᠠᠷᠠᠭᠠᠨ ᠤ ᠲᠡᠷᠭᠡ ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠂ ᠲᠠᠷᠢᠶᠠᠯᠠᠩ ᠤᠨ ᠮᠠᠰᠢᠨ ᠮᠧᠬᠠᠨᠢᠭ ᠂ | ᠬᠠᠭᠤᠴᠢᠨ ᠴᠠᠬᠢᠯᠭᠠᠨ ᠱᠠᠲᠤ ᠵᠡᠷᠭᠡ 8 ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠬᠦ ᠶᠢᠨ ᠬᠡᠷᠡᠭᠵᠢᠭᠦᠯᠬᠦ ᠨᠠᠷᠢᠨ ᠲᠦᠷᠢᠮ ᠂ ᠮᠠᠰᠢᠨ ᠲᠡᠷᠭᠡ ᠂ ᠬᠡᠷ ᠤᠨ | ᠴᠠᠬᠢᠯᠭᠠᠨ ᠬᠡᠷᠡᠭᠰᠡᠯ ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠂ ᠬᠡᠷ ᠤᠨ ᠴᠢᠮᠡᠭᠯᠡᠯ ᠲᠣᠭᠤᠭᠠᠨ ᠬᠡᠷ ᠵᠣᠷᠯᠤᠩ ᠵᠡᠷᠭᠡ 4 ᠬᠦᠷᠢᠶᠡᠨ ᠳᠠᠬᠢ ᠬᠡᠷᠡᠭᠯᠡᠭᠡ ᠶᠢᠨ | ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠡᠷᠡᠭᠵᠢᠭᠦᠯᠬᠦ ᠨᠠᠷᠢᠨ ᠲᠦᠷᠢᠮ ᠂ ᠡᠲᠡᠭᠡᠷ ᠲᠦᠭᠦᠷᠵᠢᠭᠦᠯᠬᠦ ᠠᠷᠭ᠎ᠠ ᠬᠡᠮᠵᠢᠶ᠎ᠡ ᠶᠢ ᠨᠢᠭᠡᠨᠲᠡ ᠪᠦᠬᠦᠨ ᠢ | ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ ᠃ ᠣᠷᠣᠨ ᠨᠤᠲᠤᠭ ᠤᠨ ᠬᠡᠪᠴᠢᠶᠡᠨ ᠠᠴᠠ ᠦᠵᠡᠪᠡᠯ ᠂ 31 ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ | ᠬᠤᠲᠠ ᠵᠢᠴᠢ ᠲᠥᠯᠥᠪᠯᠡᠭᠡ ᠳᠤ ᠠᠰᠲᠠᠭᠠᠨ ᠵᠢᠭᠰᠠᠭᠠᠭᠰᠠᠨ 5 ᠬᠤᠲᠠ ᠪᠠ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠴᠥᠮ | ︽ᠬᠤᠶᠠᠷ ᠰᠢᠨ᠎ᠡ︾ ᠶᠢ ᠬᠦᠴᠦᠯᠡᠨ ᠲᠡᠮᠵᠢᠬᠦ ᠬᠡᠷᠡᠭᠵᠢᠭᠦᠯᠬᠦ ᠲᠥᠰᠦᠯ ᠢ ᠨᠡᠶᠢᠲᠡᠯᠡᠭᠰᠡᠨ ᠤ ᠬᠠᠮᠲᠤ ᠣᠷᠣᠨ ᠨᠤᠲᠤᠭ ᠤᠨ ᠲᠦᠭᠦᠷᠵᠢᠭᠦᠯᠬᠦ ᠡᠯ᠎ᠡ ᠲᠥᠷᠥᠯ ᠤᠨ | ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠲᠠᠷᠬᠠᠭᠠᠭᠰᠠᠨ ᠲᠤᠭ᠎ᠠ ᠨᠢ 140 ᠬᠤᠪᠢ ᠶᠢ ᠳᠠᠪᠠᠪᠠ ᠃ ᠤᠷᠲᠤ ᠬᠤᠭᠤᠴᠠᠭᠠᠨ ᠤ ᠲᠤᠷᠰᠢᠬᠢ ᠣᠨᠴᠠᠭᠠᠶᠢᠯᠠᠨ | ᠲᠠᠷᠬᠠᠭᠠᠭᠰᠠᠨ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠪᠠᠷ ︽ᠬᠤᠶᠠᠷ ᠰᠢᠨ᠎ᠡ︾ ᠶᠢ ᠬᠦᠴᠦᠯᠡᠨ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠨᠢᠭᠡᠨᠲᠡ ᠪᠠᠶᠢᠭᠤᠯᠤᠨ ᠳᠠᠭᠤᠰᠬᠠᠵᠤ ᠂ ᠡᠨᠡ ᠵᠢᠯ ᠴᠢᠨᠠᠭᠰᠢᠯᠠᠪᠠᠯ ᠬᠤᠶᠢᠰᠢᠳᠠ ᠶᠢᠨ ᠠᠵᠢᠯ ᠳᠤ ᠯᠠᠪᠳᠠᠭᠤᠨ ᠪᠠᠲᠤᠲᠠᠶ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ | ᠭᠡᠵᠦ ᠬᠡᠯᠡᠵᠦ ᠪᠣᠯᠤᠨ᠎ᠠ ᠃ | ᠬᠤᠶᠠᠷ ᠂ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠪᠦᠬᠦ ᠲᠠᠯ᠎ᠠ ᠪᠠᠷ ᠪᠠᠭᠤᠯᠭᠠᠪᠠ ᠃ ᠲᠥᠬᠦᠭᠡᠷᠦᠮᠵᠢ ᠶᠢ ᠰᠢᠨᠡᠳᠬᠡᠬᠦ ᠲᠠᠯ᠎ᠠ ᠪᠠᠷ ᠂ ᠮᠠᠨ ᠤ ᠵᠥᠪᠯᠡᠯ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠂ ︽ᠣᠷᠣᠨ ᠨᠤᠲᠤᠭ ᠬᠢᠨᠠᠨ ᠬᠠᠷᠭᠤᠭᠤᠯᠵᠤ ᠂ ᠤᠯᠤᠰ ᠠᠴᠠ ᠳᠠᠬᠢᠨᠲᠠ ᠬᠠᠷᠭᠤᠭᠤᠯᠬᠤ︾ ᠵᠠᠷᠴᠢᠮ | ᠶᠣᠰᠣᠭᠠᠷ ᠂ ᠳᠡᠮᠵᠢᠬᠦ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ ᠂ ᠬᠢᠨᠠᠨ ᠵᠥᠪᠰᠢᠶᠡᠷᠡᠬᠦ ᠴᠣᠪᠤᠷᠠᠯ ᠢ ᠳᠥᠭᠦᠮᠴᠢᠯᠡᠵᠦ ᠂ ᠨᠥᠬᠦᠴᠡᠯ ᠳᠤ ᠨᠡᠶᠢᠴᠡᠬᠦ 4600 ᠭᠠᠷᠤᠶ | ᠲᠥᠬᠦᠭᠡᠷᠦᠮᠵᠢ ᠶᠢ ᠰᠢᠨᠡᠳᠭᠡᠬᠦ ᠲᠦᠷᠦᠯ ᠵᠦᠢᠯ ᠢ ᠰᠢᠭᠰᠢᠨ ᠭᠠᠷᠭᠠᠵᠤ ᠂ ᠲᠥᠬᠦᠭᠡᠷᠦᠮᠵᠢ ᠶᠢ ᠰᠢᠨᠡᠳᠬᠡᠬᠦ ᠬᠦᠷᠢᠶᠡᠨ ᠳᠠᠬᠢ 1500 ᠳ᠋ᠦᠩᠰᠢᠭᠤᠷ ᠲᠥᠭᠦᠷᠢᠭ ᠤᠨ | ᠤᠯᠤᠰ ᠤᠨ ᠵᠢᠭᠡᠯᠡᠯᠭᠡ ᠶᠢᠨ ᠪᠠᠯᠠ ᠮᠥᠩᠭᠦ ᠶᠢ ᠨᠢᠭᠡᠨᠲᠡ 2 ᠪᠦᠯᠦᠭ ᠬᠤᠪᠢᠶᠠᠨ ᠪᠦᠬᠦᠨ ᠢ ᠬᠠᠮᠢᠶ᠎ᠠ ᠪᠥᠬᠦᠶ ᠲᠣᠭᠲᠠᠭᠠᠯ ᠪᠠ ᠲᠠᠰ ᠳᠠᠷᠠᠭᠠᠯᠠᠯ ᠢᠶᠠᠷ ᠲᠥᠷᠥᠯ | ᠵᠦᠢᠯ ᠳᠤ ᠲᠣᠬᠢᠷᠠᠭᠤᠯᠪᠠ ᠃ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ ᠂ ᠮᠠᠨ ᠤ ᠵᠥᠪᠯᠡᠯ ᠡᠳ᠋ ᠤᠨ ᠵᠠᠰᠠᠭ ᠤᠨ ᠶᠠᠮᠤᠨ ᠲᠠᠢ | ᠬᠠᠮᠲᠤᠷᠠᠨ ᠂ ᠡᠯ᠎ᠡ ᠭᠠᠵᠠᠷ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠂ ᠮᠠᠰᠢᠨ ᠲᠡᠷᠭᠡ ᠪᠣᠯᠤᠨ | ᠭᠡᠷ ᠤᠨ ᠴᠠᠬᠢᠯᠭᠠᠨ ᠬᠡᠷᠡᠭᠰᠡᠯ ᠢ ᠬᠡᠷᠡᠭᠯᠡᠵᠦ ᠪᠠᠶᠢᠭ᠎ᠠ ᠬᠡᠮᠵᠢᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠵᠦ ᠂ ᠪᠡᠯᠡ ᠮᠥᠩᠭᠦ ᠶᠢᠨ ᠳᠡᠮᠵᠢᠯᠭᠡ ᠶᠢᠨ ᠬᠡᠪᠴᠢᠶ᠎ᠡ ᠶᠢ ᠵᠦᠶ | ᠵᠣᠬᠢᠰᠲᠠᠶ ᠲᠣᠭᠲᠠᠭᠠᠵᠤ ᠂ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠬᠦᠷᠢᠶᠡᠨ ᠳᠠᠬᠢ 1500 ᠳ᠋ᠦᠩᠰᠢᠭᠤᠷ ᠲᠥᠭᠦᠷᠢᠭ ᠤᠨ ᠤᠯᠤᠰ ᠤᠨ | ᠵᠢᠭᠡᠯᠡᠯᠭᠡ ᠶᠢᠨ ᠪᠡᠯᠡ ᠮᠥᠩᠭᠦ ᠶᠢ 8 ᠳ᠋ᠤᠭᠠᠷ ᠰᠠᠷ᠎ᠠ ᠶᠢᠨ ᠡᠬᠢᠨ ᠳᠤ ᠪᠦᠬᠦᠨ ᠢ ᠣᠷᠣᠨ ᠨᠤᠲᠤᠭ ᠲᠤ ᠪᠠᠭᠤᠯᠭᠠᠪᠠ ᠃ | ᠭᠤᠷᠪᠠ ᠂ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠡᠬᠢᠯᠡᠭᠦᠯᠪᠡ ᠃ ᠣᠳᠣᠬᠠᠨ ᠪᠣᠯᠲᠠᠯ᠎ᠠ ᠂ ᠡᠯ᠎ᠡ ᠰᠠᠯᠠᠭ᠎ᠠ ᠮᠥᠴᠢᠷ ᠤᠨ ᠬᠢᠨ ᠶᠡᠭᠡ | ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠪᠠ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ 10 ᠵᠤᠷᠪᠤᠰ ᠬᠦᠴᠦᠯᠡᠨ ᠲᠡᠮᠵᠢᠬᠦ | ᠠᠷᠭ᠎ᠠ ᠬᠡᠮᠵᠢᠶ᠎ᠡ ᠶᠢ ᠨᠢᠭᠡᠨᠲᠡ ᠪᠦᠬᠦᠨ ᠢ ᠡᠬᠢᠯᠡᠭᠦᠯᠵᠦ ᠂ ᠡᠯ᠎ᠡ ᠭᠠᠵᠠᠷ ᠤᠨ ᠬᠢᠨ ᠪᠠᠰᠠ ᠠᠯᠢ ᠣᠯᠠᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ | ᠨᠡᠶᠢᠲᠡᠯᠡᠪᠡ ᠃ ᠵᠢᠱᠢᠶᠡᠯᠡᠪᠡᠯ ᠂ ᠪᠡᠭᠡᠵᠢᠩ ᠂ ᠲᠢᠶᠠᠨᠵᠢᠨ ᠂ ᠱᠠᠩᠬᠠᠢ ᠵᠡᠷᠭᠡ 20 ᠭᠠᠵᠠᠷ ᠣᠷᠣᠨ ᠬᠤᠪᠢ ᠶᠢᠨ ᠬᠡᠷᠡᠭᠯᠡᠭᠴᠢᠳ ᠤᠨ ᠮᠠᠰᠢᠨ ᠲᠡᠷᠭᠡ ᠶᠢ ᠬᠠᠯᠠᠵᠤ | ᠰᠢᠨᠡᠳᠬᠡᠬᠦ ᠲᠥᠷᠥ ᠶᠢᠨ ᠪᠣᠳᠣᠯᠭ᠎ᠠ ᠶᠢ ᠲᠣᠭᠲᠠᠭᠠᠪᠠ ᠃ ᠪᠠᠰᠠ ᠵᠢᠱᠢᠶᠡᠯᠡᠪᠡᠯ ᠂ ᠵᠢᠶᠠᠩᠰᠤ ᠂ ᠵᠧᠵᠢᠶᠠᠩ ᠂ ᠬᠤᠪᠧᠶ ᠵᠡᠷᠭᠡ 31 ᠭᠠᠵᠠᠷ ᠣᠷᠣᠨ ᠴᠥᠮ ᠭᠡᠷ ᠤᠨ | ᠬᠠᠭᠤᠴᠢᠨ ᠴᠠᠬᠢᠯᠭᠠᠨ ᠬᠡᠷᠡᠭᠰᠡᠯ ᠢᠶᠠᠷ ᠰᠢᠨ᠎ᠡ ᠶᠢ ᠰᠣᠯᠢᠬᠤ ᠰᠢᠨ᠎ᠡ ᠨᠡᠮᠡᠭᠦᠷᠢ ᠶᠢ ᠬᠡᠷᠡᠭᠵᠢᠭᠦᠯᠵᠦ ᠂ ᠵᠢᠩ ᠳ᠋ᠦᠩ ᠂ ᠲᠢᠶᠠᠨ ᠮᠤᠤ ᠂ ᠰᠦ᠋ ᠨᠢᠩ ᠢ ᠭᠸᠦ ᠵᠡᠷᠭᠡ | ᠡᠯᠧᠺᠲᠷᠣᠨ ᠬᠤᠳᠠᠯᠳᠤᠭᠠᠨ ᠤ ᠲᠠᠪᠴᠠᠩ ᠨᠢ ᠪᠥᠬᠦ ᠲᠠᠯ᠎ᠠ ᠪᠠᠷ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢᠶᠠᠷ ᠰᠢᠨ᠎ᠡ ᠶᠢ ᠰᠣᠯᠢᠬᠤ ᠳᠤ ᠣᠷᠣᠯᠴᠠᠪᠠ ᠃ | ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ ᠂ ︽ᠬᠤᠶᠠᠷ ᠰᠢᠨ᠎ᠡ︾ ᠠᠵᠢᠯ ᠠᠯᠬᠤᠮ ᠠᠯᠬᠤᠮ ᠢᠶᠠᠷ ᠢᠯᠡᠳᠲᠡ ᠦᠷ᠎ᠡ ᠪᠦᠲᠦᠮᠵᠢ | ᠤᠯᠬᠤ ᠶᠢᠨ ᠬᠠᠮᠲᠤ ᠪᠠᠰᠠ ᠲᠠᠰᠤᠷᠠᠯᠲᠠ ᠦᠭᠡᠢ ᠢᠯᠡᠷᠡᠵᠦ ᠪᠠᠶᠢᠭ᠎ᠠ ᠪᠠᠶᠢᠳᠠᠯ ᠢ ᠳᠠᠷᠠᠭᠠᠬᠢ ︽ᠲᠠᠪᠤᠨ ᠬᠦᠴᠦᠨ︾ ᠢᠶᠠᠷ ᠬᠤᠷᠢᠶᠠᠩᠭᠤᠶᠢᠯᠠᠵᠤ ᠪᠣᠯᠤᠨ᠎ᠠ ᠃ | ᠨᠢᠭᠡ ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠬᠦᠴᠦᠲᠡᠢ ᠲᠠᠶᠢᠴᠢᠯᠠᠪᠠ ᠃ ᠲᠥᠬᠦᠭᠡᠷᠦᠮᠵᠢ ᠶᠢ ᠰᠢᠨᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠠᠬᠢᠭᠤᠯᠤᠭᠰᠠᠨ ᠨᠢ ᠂ ᠡᠵᠡᠩᠨᠡᠯᠲᠡ ᠶᠢᠨ ᠭᠤᠤᠯ ᠴᠣᠭᠴᠠ ᠶᠢᠨ ᠦᠢᠯᠡᠳᠪᠦᠷᠢᠯᠡᠯ ᠢᠶᠠᠨ ᠰᠢᠨᠡᠳᠭᠡᠬᠦ ᠂ ᠡᠨᠧᠷᠭᠢ ᠬᠡᠷᠡᠭᠯᠡᠬᠦ ᠂ ᠴᠠᠬᠢᠯᠭᠠᠨ ᠱᠠᠲᠤ ᠵᠡᠷᠭᠡ ᠡᠯ᠎ᠡ | ᠲᠥᠷᠥᠯ ᠤᠨ ᠲᠥᠬᠦᠭᠡᠷᠦᠮᠵᠢ ᠬᠡᠷᠡᠭᠯᠡᠬᠦ ᠢᠳᠡᠪᠬᠢᠵᠢᠯ ᠢ ᠪᠦᠲᠦᠮᠵᠢᠲᠡᠶ ᠳᠠᠶᠢᠴᠢᠯᠠᠪᠠ ᠃ ᠲᠦᠷᠦᠭᠦᠤ 8 ᠰᠠᠷ᠎ᠠ ᠳᠤ ᠂ ᠲᠥᠬᠦᠭᠡᠷᠦᠮᠵᠢ ᠶᠢᠨ ᠪᠠᠭᠠᠵᠢ ᠬᠡᠷᠡᠭᠰᠡᠯ | ᠬᠤᠳᠠᠯᠳᠤᠨ ᠠᠪᠬᠤ ᠪᠠᠯᠠ ᠣᠷᠣᠭᠤᠯᠤᠯᠲᠠ 16.8% ᠪᠠᠷ ᠨᠡᠮᠡᠭᠳᠡᠵᠦ ᠂ ᠨᠡᠮᠡᠭᠳᠡᠯ ᠤᠨ ᠬᠤᠷᠳᠤᠴᠠ ᠨᠢ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠴᠠ 13.4 ᠵᠠᠭᠤᠨ ᠤ ᠴᠡᠭ ᠥᠨᠳᠥᠷ ᠪᠠᠶᠢᠵᠤ ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 64.2% ᠲᠤ ᠬᠦᠷᠴᠦ ᠂ ᠲᠦᠷᠦᠭᠦᠤ 7 ᠰᠠᠷ᠎ᠠ ᠠᠴᠠ 3.5 ᠵᠠᠭᠤᠨ ᠤ ᠴᠡᠭ ᠳᠡᠭᠡᠭᠰᠢᠯᠡᠵᠦ ᠂ ᠡᠨᠡ ᠨᠢ | ᠬᠦᠴᠦᠯᠡᠨ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠂ 8 ᠳ᠋ᠤᠭᠠᠷ ᠰᠠᠷ᠎ᠠ ᠶᠢᠨ ᠳᠠᠶᠢᠴᠢᠯᠠᠬᠤ ᠦᠷ᠎ᠡ ᠪᠦᠲᠦᠮᠵᠢ ᠨᠢ ᠨᠠᠩ ᠢᠯᠡᠷᠬᠡᠶ | ᠭᠡᠳᠡᠭ ᠢ ᠬᠠᠷᠠᠭᠤᠯᠪᠠ ᠃ | ᠬᠤᠶᠠᠷ ᠂ ᠬᠡᠷᠡᠭᠯᠡᠭᠡ ᠶᠢᠨ ᠳᠠᠯᠳᠠ ᠬᠦᠴᠦᠨ ᠢ ᠬᠦᠴᠦᠲᠡᠶ ᠪᠠᠳᠠᠷᠠᠭᠤᠯᠪᠠ ᠃ ᠡᠯ᠎ᠡ ᠭᠠᠵᠠᠷ ᠤᠨ ᠬᠢᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠭᠰᠠᠨ ᠨᠢ ᠂ ᠭᠤᠣᠯᠳᠠᠯᠭ᠎ᠠ ᠲᠠᠢ ᠬᠡᠷᠡᠭᠯᠡᠭᠡ ᠶᠢᠨ ᠵᠦᠢᠯᠡᠰ ᠤᠨ ᠪᠣᠷᠣᠯᠠᠭᠤᠯᠤᠯᠲᠠ ᠶᠢ ᠢᠯᠡᠳᠲᠡ ᠳᠡᠭᠡᠭᠰᠢᠯᠡᠭᠦᠯᠪᠡ ᠃ | ᠵᠢᠱᠢᠶᠡᠯᠡᠪᠡᠯ ᠂ ᠳᠤᠮᠳᠠᠳᠤ ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠨᠡᠶᠢᠭᠡᠮᠯᠢᠭ ᠤᠨ ᠲᠤᠭ᠎ᠠ ᠪᠠᠷᠢᠮᠲᠠ ᠠᠴᠠ ᠦᠵᠡᠪᠡᠯ ᠂ 8 ᠳ᠋ᠤᠭᠠᠷ ᠰᠠᠷ᠎ᠠ ᠳᠤ ᠪᠥᠬᠦ | ᠤᠯᠤᠰ ᠲᠤ ᠰᠠᠭᠤᠳᠠᠯ ᠲᠠᠢ ᠮᠠᠰᠢᠨ ᠲᠡᠷᠭᠡ ᠶᠢ ᠪᠠᠭᠲᠠᠭᠠᠭᠰᠠᠨ ᠵᠢᠵᠢᠭ ᠬᠡᠯᠪᠡᠷᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ 190.5 ᠲᠦᠮᠡ | ᠪᠠᠶᠢᠵᠤ ᠂ ᠬᠠᠷᠢᠴᠠᠭᠤᠯᠤᠭᠰᠠᠨ ᠨᠡᠮᠡᠭᠳᠡᠯ ᠬᠡᠮᠵᠢᠶ᠎ᠡ ᠨᠢ 10.8% ᠪᠠᠷ ᠨᠡᠮᠡᠭᠳᠡᠪᠡ︔ ᠡᠭᠦᠨ ᠳᠤ ᠮᠠᠰᠢ ᠬᠠᠷᠠᠭ᠎ᠠ ᠪᠤᠯᠢᠶᠠᠮ᠎ᠠ ᠨᠢᠭᠡ ᠵᠦᠢᠯ ᠭᠡᠪᠡᠯ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ 102.7 ᠲᠦᠮᠡ ᠪᠠᠶᠢᠵᠤ ᠂ ᠬᠠᠷᠢᠴᠠᠭᠤᠯᠤᠭᠰᠠᠨ ᠨᠡᠮᠡᠭᠳᠡᠯ ᠬᠡᠮᠵᠢᠶ᠎ᠡ ᠨᠢ 17% ᠪᠠᠷ | ᠨᠡᠮᠡᠭᠳᠡᠪᠡ ᠃ ᠪᠠᠰᠠ ᠵᠢᠱᠢᠶᠡᠯᠡᠪᠡᠯ ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠤᠭ᠎ᠠ ᠪᠠᠷᠢᠮᠲᠠ ᠠᠴᠠ ᠦᠵᠡᠪᠡᠯ ᠂ ᠬᠡᠷ ᠤᠨ ᠴᠠᠬᠢᠯᠭᠠᠨ ᠬᠡᠷᠡᠭᠰᠡᠯ ᠪᠣᠯᠤᠨ | ᠳᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠪᠠᠭᠤᠷᠠᠵᠤ ᠪᠠᠶᠢᠭᠰᠠᠨ ᠠᠴᠠ ᠪᠠᠨ ᠨᠡᠮᠡᠭᠳᠡᠬᠦ ᠪᠣᠯᠵᠤ ᠂ | 8 ᠳ᠋ᠤᠭᠠᠷ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ ᠃ ᠲᠠᠪᠴᠠᠩ ᠢᠶᠠᠷ ᠳᠠᠮᠵᠢᠨ | ᠬᠤᠳᠠᠯᠳᠤᠭᠰᠠᠨ ᠪᠠ ᠬᠤᠳᠠᠯᠳᠤᠭᠠᠨ ᠤ ᠲᠠᠯᠠᠪᠠᠢ ᠶᠢᠨ ᠪᠠᠶᠢᠳᠠᠯ ᠠᠴᠠ ᠦᠵᠡᠪᠡᠯ ᠂ ᠤᠶᠢᠷ᠎ᠠ ᠶᠢᠨ ᠬᠤᠭᠤᠴᠠᠭᠠᠨ ᠳᠤ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢ | ᠰᠢᠨ᠎ᠡ ᠪᠠᠷ ᠰᠣᠯᠢᠬᠤ ᠬᠡᠷᠡᠭᠯᠡᠭᠡ ᠲᠦᠷᠭᠡᠨ ᠨᠡᠮᠡᠭᠳᠡᠪᠡ ᠃ | ᠭᠤᠷᠪᠠ ᠂ ᠠᠵᠤ ᠦᠢᠯᠡᠰ ᠤᠨ ᠬᠦᠭᠵᠢᠯᠲᠡ ᠶᠢ ᠬᠦᠴᠦᠲᠡᠢ ᠠᠬᠢᠭᠤᠯᠪᠠ ᠃ ︽ᠬᠤᠶᠠᠷ ᠰᠢᠨ᠎ᠡ︾ ᠠᠵᠢᠯ ᠨᠢ ᠬᠡᠷᠡᠭᠴᠡᠭᠡ ᠶᠢᠨ ᠳᠠᠯᠳᠠ ᠬᠦᠴᠦᠨ ᠢ | ᠦᠷᠭᠦᠯᠵᠢᠯᠡᠨ ᠬᠥᠭᠵᠢᠭᠡᠵᠦ ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠨᠥᠯᠥᠭᠡᠯᠡᠯ ᠢ ᠶᠠᠭ ᠬᠠᠩᠭᠠᠯᠭ᠎ᠠ ᠶᠢᠨ ᠰᠠᠯᠠᠭ᠎ᠠ ᠮᠥᠴᠢᠷ ᠲᠤ ᠳᠠᠮᠵᠢᠭᠤᠯᠵᠤ ᠂ | ᠲᠥᠬᠦᠭᠡᠷᠦᠮᠵᠢ ᠦᠢᠯᠡᠳᠬᠦ ᠂ ᠮᠠᠰᠢᠨ ᠲᠡᠷᠭᠡ ᠂ ᠬᠡᠷ ᠤᠨ ᠴᠠᠬᠢᠯᠭᠠᠨ ᠬᠡᠷᠡᠭᠰᠡᠯ ᠵᠡᠷᠭᠡ ᠠᠵᠢᠯ ᠲᠥᠷᠥᠯ ᠤᠨ ᠦᠢᠯᠡᠳᠪᠦᠷᠢᠯᠡᠯ ᠤᠨ ᠨᠡᠯᠢᠶᠡᠳ ᠲᠦᠷᠭᠡᠨ ᠨᠡᠮᠡᠭᠳᠡᠯ ᠢ | ᠠᠬᠢᠭᠤᠯᠪᠠ ᠃ ᠵᠠᠮ ᠬᠠᠷᠢᠯᠴᠠᠭ᠎ᠠ ᠂ ᠴᠢᠮᠡᠭᠡ ᠬᠤᠯᠪᠣᠭ᠎ᠠ ᠵᠡᠷᠭᠡ ᠲᠥᠬᠦᠭᠡᠷᠦᠮᠵᠢ ᠶᠢ ᠰᠢᠨᠡᠳᠬᠡᠬᠦ ᠭᠤᠤᠯᠳᠠᠯᠭ᠎ᠠ ᠪᠣᠯᠬᠤ ᠬᠦᠷᠢᠶ᠎ᠡ ᠪᠠᠷ ᠵᠢᠱᠢᠶ᠎ᠡ ᠪᠣᠯᠭᠠᠪᠠᠯ ᠂ 8 ᠳ᠋ᠤᠭᠠᠷ | ᠰᠠᠷ᠎ᠠ ᠳᠤ ᠂ ᠣᠩᠭᠤᠴᠠ ᠰᠠᠯ ᠵᠢᠴᠢ ᠬᠠᠮᠢᠶ᠎ᠠ ᠪᠥᠬᠦᠶ ᠲᠣᠨᠣᠭᠯᠠᠯ ᠂ ᠬᠤᠲᠠ ᠶᠢᠨ ᠲᠡᠮᠦᠷ ᠵᠢᠮᠲᠦ ᠵᠠᠮ ᠬᠠᠷᠢᠯᠴᠠᠭᠠᠨ ᠤ ᠲᠥᠬᠦᠭᠡᠷᠦᠮᠵᠢ ᠂ ᠴᠢᠮᠡᠭᠡ ᠬᠤᠯᠪᠣᠭᠠᠨ ᠤ | ᠲᠥᠬᠦᠭᠡᠷᠦᠮᠵᠢ ᠵᠡᠷᠭᠡ ᠦᠢᠯᠡᠳᠬᠦ ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 23% ᠂ 17.1% ᠂ 10. | 3% ᠪᠠᠷ ᠨᠡᠮᠡᠭᠳᠡᠪᠡ︔ ᠬᠡᠷ ᠲᠤ ᠪᠠᠨ ᠬᠡᠷᠡᠭᠯᠡᠬᠦ ᠬᠤᠪᠴᠠᠰᠤ ᠤᠬᠢᠶᠠᠬᠤ ᠮᠠᠰᠢᠨ ᠂ ᠤᠶᠤᠨᠲᠤ ᠲᠧᠯᠸᠢᠰ ᠂ ᠬᠡᠷ ᠤᠨ ᠴᠠᠬᠢᠯᠭᠠᠨ ᠬᠦᠯᠳᠡᠬᠡᠬᠦᠷ ᠵᠡᠷᠭᠡ ᠦᠢᠯᠡᠳᠭᠦᠨ ᠤ | ᠭᠠᠷᠤᠯᠲᠠ ᠴᠥᠮ ᠨᠡᠯᠢᠶᠡᠳ ᠲᠦᠷᠭᠡᠨ ᠨᠡᠮᠡᠭᠳᠡᠪᠡ ᠃ ᠡᠭᠦᠨ ᠤ ᠬᠠᠮᠲᠤ ᠪᠠᠰᠠ ᠴᠥᠭᠡᠨ ᠪᠤᠰᠤ ᠠᠵᠤ ᠠᠬᠤᠶᠢᠯᠠᠯ ︽ᠬᠤᠶᠠᠷ ᠰᠢᠨ᠎ᠡ︾ ᠬᠦᠷᠢᠶᠡᠨ ᠤ | ᠬᠥᠭᠵᠢᠯᠲᠡ ᠶᠢᠨ ᠢᠷᠡᠭᠡᠳᠦᠢ ᠳᠤ ᠢᠲᠡᠭᠡᠯ ᠲᠠᠢ ᠪᠠᠶᠢᠵᠤ ᠂ ᠲᠥᠬᠦᠭᠡᠷᠦᠮᠵᠢ ᠦᠢᠯᠡᠳᠬᠦ ᠂ ᠬᠡᠷᠡᠭᠯᠡᠭᠡ ᠶᠢᠨ ᠵᠦᠢᠯᠡᠰ ᠤᠨ ᠦᠢᠯᠡᠳᠪᠦᠷᠢᠯᠡᠯ ᠵᠡᠷᠭᠡ ᠬᠦᠷᠢᠶᠡᠨ ᠳᠠᠬᠢ | ᠪᠡᠯᠡ ᠣᠷᠣᠭᠤᠯᠤᠯᠲᠠ ᠪᠠᠨ ᠨᠡᠮᠡᠭᠳᠡᠭᠦᠯᠦᠭᠰᠡᠨ ᠢ ᠣᠯᠵᠤ ᠬᠠᠷᠠᠬᠤ ᠬᠡᠷᠡᠭᠲᠡᠢ ᠃ ᠲᠦᠷᠦᠭᠦᠦ 8 ᠰᠠᠷ᠎ᠠ ᠳᠤ ᠂ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠂ | ᠬᠡᠷᠡᠭᠯᠡᠭᠡ ᠶᠢᠨ ᠵᠦᠢᠯᠡᠰ ᠦᠢᠯᠡᠳᠬᠦ ᠦᠢᠯᠡᠰ ᠂ ᠲᠦᠭᠦᠬᠡᠢ ᠮᠠᠲ᠋ᠧᠷᠢᠶᠠᠯ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠲᠤᠰ ᠲᠤᠰ 10% ᠂ 14.9% ᠂ | 9% ᠪᠠᠷ ᠨᠡᠮᠡᠭᠳᠡᠪᠡ ᠃ | ᠳᠦᠷᠪᠡ ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠦᠴᠦᠲᠡᠢ ᠳᠡᠭᠡᠭᠰᠢᠯᠡᠭᠦᠯᠪᠡ ᠃ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠣᠯ ︽ᠬᠤᠶᠠᠷ ᠰᠢᠨ᠎ᠡ︾ ᠠᠵᠢᠯ ᠤᠨ | ᠴᠢᠬᠤᠯᠠ ᠦᠷ᠎ᠡ ᠳ᠋ᠦᠩ ᠮᠥᠨ ᠃ ᠡᠨᠡ ᠲᠠᠯ᠎ᠠ ᠪᠠᠷ ᠪᠢᠳᠡ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠶᠡᠭᠡ | ᠬᠡᠮᠵᠢᠶᠡᠨ ᠤ ᠠᠵᠢᠯ ᠢ ᠦᠷᠨᠢᠭᠦᠯᠪᠡ ᠃ ᠵᠢᠱᠢᠶᠡᠯᠡᠪᠡᠯ ᠂ ᠪᠠᠷᠢᠯᠭ᠎ᠠ ᠶᠢᠨ ᠠᠵᠢᠯ ᠳᠤ ᠬᠤᠯᠪᠤᠭᠳᠠᠭᠤᠯᠤᠨ ᠬᠤᠳᠠ ᠶᠢᠨ ᠶᠠᠪᠤᠳᠠᠯ ᠤᠨ ᠳᠤᠲᠠᠭᠤᠳᠠᠯ ᠲᠠᠢ ᠬᠦᠷᠢᠶ᠎ᠡ ᠂ | ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠡᠯ᠎ᠡ ᠭᠠᠵᠠᠷ ᠤᠨ ᠣᠷᠣᠨ ᠰᠠᠭᠤᠴᠠ ᠶᠢᠨ ᠬᠠᠭᠤᠴᠢᠨ ᠴᠠᠬᠢᠯᠭᠠᠨ ᠱᠠᠲᠤ ᠶᠢᠨ ᠰᠢᠨᠡᠴᠢᠯᠡᠯᠲᠡ ᠂ | ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠰᠢᠨᠡᠴᠢᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠬᠦ ᠶᠢ ᠠᠬᠢᠭᠤᠯᠪᠠ ᠃ ᠲᠦᠷᠦᠭᠦᠦ 8 ᠰᠠᠷ᠎ᠠ ᠳᠤ ᠂ | ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠯᠤᠭ᠎ᠠ ᠨᠢᠭᠲᠠ ᠬᠤᠯᠪᠣᠭ᠎ᠠ ᠲᠠᠢ ᠴᠠᠬᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠶ ᠬᠡᠢ ᠵᠢᠴᠢ ᠤᠰᠤᠨ ᠤ | ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠪᠡᠯᠡ ᠣᠷᠣᠭᠤᠯᠤᠯᠲᠠ 23.5% ᠪᠠᠷ ᠨᠡᠮᠡᠭᠳᠡᠪᠡ ᠃ ᠪᠠᠰᠠ ᠵᠢᠱᠢᠶᠡᠯᠡᠪᠡᠯ ᠂ ᠰᠤᠷᠭᠠᠨ ᠬᠥᠮᠦᠵᠢᠯ ᠂ ᠡᠮ ᠡᠮᠨᠡᠯᠭᠡ ᠂ | ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ | ᠨᠡᠶᠢᠭᠡᠮ ᠤᠨ ᠬᠦᠷᠢᠶ᠎ᠡ ᠴᠠᠷᠠᠭ᠎ᠠ ᠶᠢᠨ ᠲᠥᠬᠦᠭᠡᠷᠦᠮᠵᠢ ᠶᠢᠨ ᠰᠢᠨᠡᠴᠢᠯᠡᠯᠲᠡ ᠂ ᠣᠶᠤᠨᠴᠢ ᠰᠣᠶᠣᠯ ᠵᠢᠭᠤᠯᠴᠢᠯᠠᠯ ᠵᠡᠷᠭᠡ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠪᠥᠬᠦ | ᠲᠠᠯ᠎ᠠ ᠪᠠᠷ ᠳᠥᠯᠭᠢᠨ ᠠᠬᠢᠭᠤᠯᠪᠠ ᠃ | ᠲᠠᠪᠤ ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠬᠦᠴᠦᠲᠡᠢ ᠲᠤᠯᠭᠠᠭᠤᠷᠢᠯᠠᠪᠠ ᠃ ︽ᠬᠤᠶᠠᠷ ᠰᠢᠨ᠎ᠡ︾ ᠠᠵᠢᠯ ᠤᠨ ᠴᠢᠬᠤᠯᠠ ᠬᠠᠷᠠᠯᠲᠠ | ᠪᠣᠯ ᠳᠠᠷᠤᠶ ᠨᠠᠩ ᠣᠯᠠᠨ ᠨᠠᠩ ᠶᠡᠭᠡ ᠪᠠᠷ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠬᠦᠨ ᠢ ᠬᠡᠷᠡᠭᠯᠡᠬᠦ ᠪᠠᠷ ᠳᠠᠮᠵᠢᠭᠤᠯᠤᠨ ᠂ | ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠥᠬᠦ ᠲᠠᠯ᠎ᠠ ᠪᠠᠷ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠬᠦ ᠶᠠᠪᠤᠳᠠᠯ ᠪᠣᠯᠤᠨ᠎ᠠ ᠃ ︽ᠬᠤᠶᠠᠷ ᠰᠢᠨ᠎ᠡ︾ | ᠲᠥᠷᠥ ᠶᠢᠨ ᠪᠣᠳᠣᠯᠭ᠎ᠠ ᠶᠢᠨ ᠳᠠᠭᠠᠭᠤᠯᠭ᠎ᠠ ᠳᠣᠤᠷ᠎ᠠ ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠨᠡᠮᠡᠭᠳᠡᠯ ᠨᠡᠯᠢᠶᠡᠳ ᠰᠠᠶᠢᠨ ᠪᠠᠶᠢᠵᠤ ᠂ 8 | ᠳ᠋ᠤᠭᠠᠷ ᠰᠠᠷ᠎ᠠ ᠳᠤ ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠪᠣᠷᠤᠯᠠᠭᠤᠯᠤᠭᠰᠠᠨ ᠪᠠ ᠴᠠᠬᠢᠯᠭᠠᠨ ᠴᠡᠨᠡᠭᠯᠡᠬᠦ ᠱᠣᠩ ᠢ ᠤᠭᠰᠠᠷᠠᠭᠰᠠᠨ ᠲᠤᠭ᠎ᠠ ᠨᠢ ᠠᠳᠠᠯᠢ | ᠬᠤᠭᠤᠴᠠᠭᠠᠨ ᠤ ᠬᠢ ᠠᠴᠠ ᠲᠣᠰ ᠲᠣᠰ 30.5% ᠪᠠ 97% ᠪᠠᠷ ᠨᠡᠮᠡᠭᠳᠡᠵᠦ ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠡᠪᠴᠢᠯᠲᠡ ᠶᠢᠨ ᠨᠣᠷᠮ᠎ᠠ 53. | 9% ᠳᠤ ᠬᠦᠷᠴᠦ ᠂ ᠬᠤᠶᠠᠷ ᠰᠠᠷ᠎ᠠ ᠳᠠᠷᠠᠭᠠᠯᠠᠨ 50% ᠶᠢ ᠳᠠᠪᠠᠪᠠ ᠃ ᠡᠨᠧᠷᠭᠢ ᠠᠷᠪᠢᠯᠠᠬᠤ ᠬᠡᠷ ᠤᠨ ᠴᠠᠬᠢᠯᠭᠠᠨ ᠬᠡᠷᠡᠭᠰᠡᠯ ᠤᠨ ᠵᠢᠵᠢᠭᠯᠡᠨ ᠪᠣᠷᠣᠯᠠᠭᠤᠯᠤᠯᠲᠠ | ᠲᠦᠷᠭᠡᠨ ᠨᠡᠮᠡᠭᠳᠡᠵᠦ ᠂ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ ᠂ 8 ᠳ᠋ᠤᠭᠠᠷ ᠰᠠᠷ᠎ᠠ ᠶᠢᠨ 26 ᠤ ᠡᠳᠦᠷ ᠠᠴᠠ 9 ᠳ᠋ᠦ᠋ᠭᠡᠷ ᠰᠠᠷ᠎ᠠ ᠶᠢᠨ 8 ᠤ ᠡᠳᠦᠷ | ᠪᠣᠯᠲᠠᠯ᠎ᠠ ᠪᠥᠬᠦ ᠤᠯᠤᠰ ᠤᠨ ᠨᠢᠭᠡᠳᠦᠭᠡᠷ ᠳᠡᠰ ᠤᠨ ᠡᠨᠧᠷᠭᠢ ᠶᠢᠨ ᠠᠰᠢᠭᠯᠠᠮᠵᠢ ᠪᠦᠬᠦᠢ ᠬᠦᠯᠳᠡᠭᠡᠭᠦᠷ ᠂ ᠠᠭᠠᠷ ᠲᠣᠬᠢᠷᠠᠭᠤᠯᠤᠭᠴᠢ ᠂ ᠬᠤᠪᠴᠠᠰᠤ ᠤᠬᠢᠶᠠᠬᠤ ᠮᠠᠰᠢᠨ ᠂ | ᠲᠧᠯᠸᠢᠰ ᠂ ᠰᠢᠲᠠᠮᠠᠬᠠᠶ ᠬᠡᠶ ᠬᠡᠷᠡᠭᠯᠡᠬᠦ ᠤᠰᠤ ᠬᠠᠯᠠᠭᠠᠭᠤᠷ ᠤᠨ ᠰᠦᠯᠵᠢᠶᠡᠨ ᠳᠡᠭᠡᠷᠡᠬᠢ ᠪᠣᠷᠣᠯᠠᠭᠤᠯᠤᠯᠲᠠ ᠶᠢᠨ ᠬᠡᠮᠵᠢᠶ᠎ᠡ ᠲᠣᠰ ᠲᠣᠰ ᠠᠳᠠᠯᠢ | ᠬᠤᠭᠤᠴᠠᠭᠠᠨ ᠤ ᠬᠢ ᠠᠴᠠ 54.6% ᠂ 140.2% ᠂ 31.8% ᠂ 396.2% ᠂ 78.41% ᠪᠠᠷ ᠨᠡᠮᠡᠭᠳᠡᠵᠦ ᠂ ᠨᠡᠮᠡᠭᠳᠡᠯ ᠤᠨ ᠬᠤᠷᠳᠤᠴᠠ ᠨᠢ ᠠᠳᠠᠯᠢ | ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠠᠴᠠ ᠲᠦᠷᠭᠡᠨ ᠪᠠᠶᠢᠪᠠ ᠃ ᠡᠭᠦᠨ ᠤ ᠬᠠᠮᠲᠤ ᠂ ᠡᠬᠡᠭᠦᠯᠦᠨ ᠠᠪᠴᠤ | ᠡᠷᠭᠢᠯᠳᠦᠭᠦᠯᠦᠨ ᠠᠰᠢᠭᠯᠠᠬᠤ ᠠᠵᠢᠯᠯᠠᠭ᠎ᠠ ᠂ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠴᠤ ᠢᠳᠡᠪᠬᠢᠲᠡᠢ ᠠᠬᠢᠴᠠ ᠲᠠᠢ ᠪᠣᠯᠵᠤ ᠂ ᠲᠦᠷᠦᠭᠦᠦ 8 ᠰᠠᠷ᠎ᠠ ᠳᠤ ᠂ ᠪᠦᠬᠦ | ᠤᠯᠤᠰ ᠤᠨ ᠤᠶᠤᠨᠴᠢᠯᠠᠭᠰᠠᠨ ᠨᠡᠶᠢᠭᠡᠮ ᠲᠣᠭᠤᠷᠢᠭ ᠤᠨ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠬᠡᠭᠦᠯᠦᠨ ᠠᠪᠬᠤ ᠲᠥᠬᠦᠭᠡᠷᠦᠮᠵᠢ 5900 ᠭᠠᠷᠤᠢ ᠰᠢᠨ᠎ᠡ ᠪᠠᠷ | ᠨᠡᠮᠡᠭᠳᠡᠵᠦ ᠂ ᠬᠡᠷᠡᠭᠯᠡᠭᠡ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠠᠪᠤᠭᠰᠠᠨ ᠬᠡᠮᠵᠢᠶ᠎ᠡ 421 ᠲᠦᠮᠡ ᠬᠦᠷᠴᠦ ᠂ ᠠᠳᠠᠯᠢ ᠬᠤᠭᠤᠴᠠᠭᠠᠨ ᠤ ᠬᠢ ᠠᠴᠠ 42. | 4% ᠪᠠᠷ ᠨᠡᠮᠡᠭᠳᠡᠪᠡ ᠃ ᠭᠤᠣᠯᠳᠠᠯᠭ᠎ᠠ ᠲᠠᠢ ᠬᠦᠷᠢᠶᠡᠨ ᠤ ᠪᠠᠷᠢᠮᠵᠢᠶ᠎ᠠ ᠶᠢ ᠲᠦᠷᠭᠡᠨ ᠲᠣᠭᠲᠠᠭᠠᠵᠤ ᠂ ᠵᠠᠰᠠᠪᠤᠷᠢ ᠣᠷᠣᠭᠤᠯᠵᠤ ᠂ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠶᠢ ᠭᠦᠨᠵᠡᠭᠡᠶᠢᠷᠡᠭᠦᠯᠬᠦ ᠳᠤ ᠨᠡᠩ ᠬᠦᠴᠦᠲᠡᠢ ᠲᠤᠯᠭᠠᠭᠤᠷᠢᠯᠠᠯ ᠬᠠᠩᠭᠠᠪᠠ ᠃ | | | ᠨᠠᠩ ᠣᠯᠠᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ | ᠪᠣᠳᠣᠯᠭ᠎ᠠ ᠶᠢ ᠪᠠᠶᠢᠴᠠᠭᠠᠨ ᠦᠵᠡᠶ᠎ᠡ ᠭᠡᠪᠡᠯ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠰᠡᠳ ᠤᠨ ᠦᠵᠦᠭᠦᠷ ᠤᠨ ᠵᠢᠵᠢᠭ ᠫᠷᠣᠭ᠍ᠷᠠᠮ ︹ ᠶᠡᠭᠡ ᠬᠡᠪᠴᠢᠶᠡᠨ ᠤ | ᠲᠥᠬᠦᠭᠡᠷᠦᠮᠵᠢ ᠶᠢ ᠰᠢᠨᠡᠳᠬᠡᠵᠦ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ︺ ᠤᠨ ᠲᠤᠰᠬᠠᠢ ᠲᠣᠭᠤᠷᠢᠭ ᠲᠤ ᠠᠩᠬᠠᠷᠤᠯ ᠲᠠᠯᠪᠢᠭᠠᠷᠠᠢ | | | | | | | | | |