ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ | ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ | ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠵᠤ᠂ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠨᠠᠮ ᠤᠨ | ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠲᠥᠪᠯᠡᠷᠡᠩᠭᠦᠢ ᠪᠤᠯᠪᠠᠰᠤᠷᠠᠭᠤᠯᠵᠤ ᠡᠭᠡᠯᠵᠢᠯᠡᠨ ᠪᠤᠯᠪᠠᠰᠤᠷᠠᠭᠤᠯᠵᠤ᠂ ᠨᠠᠮ ᠤᠨ ᠬᠤᠷᠢᠶ᠎ᠠ ᠶᠢᠨ ᠪᠦᠭᠦᠳᠡ ᠬᠤᠷᠠᠯ | ᠬᠤᠷᠠᠯᠳᠤᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠵᠤ᠂ ᠪᠦᠭᠦ ᠣᠷᠣᠨ ᠳᠠᠶᠠᠭᠠᠷ ᠢ ᠬᠥᠲᠥᠯᠥᠨ | ᠵᠢᠯᠤᠭᠤᠳᠴᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ | ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠢ ᠡᠴᠦᠰ ᠲᠤᠨᠢ ᠲᠤᠯᠲᠠᠯ᠎ᠠ ᠬᠢᠨ᠎ᠡ᠃ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠬᠦᠴᠦ ᠪᠠᠷ ᠢᠶᠠᠨ ᠴᠢᠷᠮᠠᠶᠢᠵᠤ᠂ ᠲᠡᠷᠡ ᠶᠣᠰᠣᠭᠠᠷ ᠨᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢᠨ ᠠᠭᠤᠯᠬᠤᠨ ᠡᠯᠪᠡᠭ ᠪᠠᠶᠠᠯᠢᠭ᠂ | ᠥᠷᠭᠡᠨ ᠳᠡᠯᠭᠡᠷ ᠭᠦᠨ ᠭᠦᠨᠵᠡᠭᠡᠢ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠦᠭᠡ ᠥᠭᠦᠯᠡᠪᠦᠷᠢ ᠨᠢᠭᠡ ᠪᠦᠷᠢ ᠨᠢ ᠴᠥᠮ ᠭᠦᠨ | ᠤᠳᠬ᠎ᠠ ᠠᠭᠤᠯᠭ᠎ᠠ ᠲᠠᠢ ᠶᠤᠮ᠂ ᠪᠦᠭᠦᠳᠡ ᠬᠤᠷᠠᠯ ᠠᠴᠠ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ | ︵ᠳᠣᠷᠣᠭᠰᠢ ︽ᠲᠣᠭᠲᠠᠭᠠᠯ︾ ᠭᠡᠵᠦ ᠳᠥᠭᠦᠮᠴᠢᠯᠡᠨ᠎ᠡ︶ ᠳᠤ ᠪᠠᠶᠢᠷᠢᠯᠠᠭᠤᠯᠤᠭᠰᠠᠨ ᠴᠢᠬᠤᠯᠠ ᠶᠡᠭᠡ ᠥᠭᠡᠷᠡᠴᠢᠯᠡᠯᠲᠡ ᠨᠢᠭᠡ ᠪᠦᠷᠢ ᠶᠢ ᠴᠥᠮ ᠠᠯᠤᠰ ᠭᠡᠲᠦ ᠠᠴᠠ | ᠪᠣᠳᠣᠯᠬᠢᠯᠠᠭᠰᠠᠨ ᠶᠤᠮ᠃ ᠪᠢᠳᠡ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠰᠤᠷᠤᠯᠴᠠᠬᠰᠠᠨ ᠰᠠᠭᠤᠷᠢᠨ ᠳᠡᠭᠡᠷ᠎ᠡ᠂ ᠵᠠᠩᠭᠢᠯᠠᠭ᠎ᠠ ᠶᠢᠨ ᠴᠢᠨᠠᠷᠲᠠᠢ᠂ | ᠬᠥᠲᠥᠯᠥᠨ ᠳᠠᠭᠠᠭᠤᠯᠬᠤ ᠴᠢᠨᠠᠷᠲᠠᠢ ᠠᠭᠤᠯᠭ᠎ᠠ ᠶᠢ ᠣᠶᠢᠯᠠᠭᠠᠵᠤ ᠡᠵᠡᠮᠰᠢᠬᠦ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ | ᠪᠣᠯᠣᠨ ᠨᠠᠮ ᠤᠨ ᠲᠥᠪ ᠬᠤᠷᠢᠶ᠎ᠠ ᠶᠢᠨ ᠴᠢᠬᠤᠯᠠ ᠱᠠᠭᠠᠷᠳᠠᠯᠭ᠎ᠠ ᠶᠣᠰᠣᠭᠠᠷ ᠥᠭᠡᠷᠡᠴᠢᠯᠡᠯᠲᠡ ᠶᠢ ᠤᠬᠠᠮᠰᠠᠷ ᠠᠴᠠ ᠪᠠᠨ ᠲᠥᠯᠥᠪᠵᠢᠭᠦᠯᠵᠦ ᠠᠬᠢᠭᠤᠯᠤᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ | ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠦᠨ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠤᠷᠤᠭᠰᠢᠯᠠᠯᠲᠠ ᠶᠢᠨ ᠵᠠᠮ ᠳᠡᠭᠡᠷᠡᠬᠢ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ | ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠲᠡᠮᠳᠡᠭ ᠤᠨ | ᠠᠴᠢ ᠬᠤᠯᠪᠣᠭᠳᠠᠯ ᠲᠠᠢ ᠠᠭᠤᠤ ᠶᠡᠭᠡ ᠬᠤᠪᠢᠰᠤᠯᠲᠠ ᠶᠢ ᠥᠷᠨᠢᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯ ᠮᠠᠨᠳᠤᠯ ᠳᠤ ᠪᠠᠲᠤ ᠪᠠᠬᠢ ᠰᠠᠭᠤᠷᠢ | ᠲᠠᠯᠪᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠢᠵᠠᠭᠠᠯᠠᠰᠢ ᠦᠭᠡᠢ ᠭᠡᠭᠡᠨ ᠰᠠᠷᠠᠭᠤᠯ ᠢᠷᠡᠭᠡᠳᠦᠢ ᠢᠯᠡᠷᠡᠵᠦ᠂ | ᠬᠤᠷᠢᠭᠯᠠᠭᠳᠠᠰᠢ ᠦᠭᠡᠢ ᠲᠡᠦᠬᠡ ᠶᠢᠨ ᠠᠬᠢᠴᠠ ᠳᠤ ᠣᠷᠣᠪᠠ᠃ ᠡᠨᠡ ᠬᠦ ᠶᠠᠪᠤᠴᠠ ᠳᠤ᠂ ᠶᠡᠷᠦᠩᠬᠡᠢ ᠱᠦᠵᠢ ᠰᠢ ᠶᠢᠨ ᠫᠢᠩ ᠠᠯᠢ ᠣᠯᠠᠨ ᠰᠢᠨ᠎ᠡ ᠦᠵᠡᠯ ᠰᠠᠨᠠᠭ᠎ᠠ᠂ | ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠪᠦᠲᠦᠭᠡᠯᠴᠢ ᠪᠠᠷ ᠳᠤᠷᠠᠳᠴᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠪᠠᠶᠢᠷᠢ | ᠰᠠᠭᠤᠷᠢ᠂ ᠤᠯᠤᠰ ᠲᠥᠷᠥ ᠶᠢᠨ ᠴᠢᠭᠯᠡᠯ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠬᠠᠷᠠᠯᠲᠠ ᠡᠭᠦᠷᠭᠡ᠂ ᠥᠷᠲᠡᠭ ᠤᠨ ᠬᠠᠨᠳᠤᠰᠢ ᠪᠠ ᠠᠷᠭ᠎ᠠ ᠶᠢᠨ | ᠣᠨᠣᠯ ᠵᠡᠷᠭᠡ ᠶᠢᠨ ᠲᠤᠬᠠᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠳᠤ ᠶᠠᠮᠠᠷ ᠲᠤᠭ ᠢ ᠮᠠᠨᠳᠤᠭᠤᠯᠬᠤ᠂ ᠶᠠᠮᠠᠷ | ᠵᠠᠮ ᠢᠶᠠᠷ ᠵᠠᠮᠨᠠᠬᠤ ᠪᠠ ᠶᠠᠭᠤ ᠶᠢ ᠥᠭᠡᠷᠡᠴᠢᠯᠡᠬᠦ᠂ ᠬᠡᠷᠬᠢᠨ ᠥᠭᠡᠷᠡᠴᠢᠯᠡᠬᠦ ᠵᠡᠷᠭᠡ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ | ᠤᠬᠠᠭᠠᠨᠴᠢ ᠬᠠᠷᠢᠭᠤᠯᠲᠠ ᠥᠭᠴᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠥᠭᠡᠷᠡᠴᠢᠯᠡᠯᠲᠡ ᠶᠢᠨ ᠣᠨᠣᠯ ᠢ ᠰᠢᠨ᠎ᠡ ᠥᠨᠳᠥᠷᠴᠡ ᠳᠤ | ᠬᠦᠷᠭᠡᠪᠡ᠃ ᠡᠳᠡᠭᠡᠷ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠪᠠᠲᠤ ᠡᠵᠡᠮᠳᠡᠬᠦ ᠴᠢᠬᠤᠯᠠ ᠲᠠᠢ ᠦᠨᠳᠦᠰᠦᠨ ᠵᠢᠷᠤᠮᠯᠠᠯ ᠮᠥᠨ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠳᠤ | ᠣᠷᠣᠭᠤᠯᠵᠤ ᠣᠶᠢᠯᠠᠭᠠᠨ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠪᠠᠶᠢᠯᠳᠤᠬᠤ ᠪᠣᠳᠣᠯᠭ᠎ᠠ ᠶᠢᠨ ᠦᠵᠡᠯ | ᠰᠠᠨᠠᠭ᠎ᠠ ᠶᠢ ᠭᠦᠨᠵᠡᠭᠡᠢ ᠣᠶᠢᠯᠠᠭᠠᠨ᠂ ᠲᠡᠭᠦᠨ ᠳᠤ ᠠᠭᠤᠯᠤᠭᠳᠠᠵᠤ ᠪᠠᠶᠢᠭ᠎ᠠ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠭᠦᠨᠵᠡᠭᠡᠢ ᠣᠶᠢᠯᠠᠭᠠᠵᠤ᠂ | ᠡᠭᠦᠨ ᠢᠶᠠᠷ ᠥᠪᠥᠷ ᠮᠣᠩᠭᠤᠯ ᠤᠨ ᠥᠭᠡᠷᠡᠴᠢᠯᠡᠯᠲᠡ ᠶᠢᠨ ᠦᠢᠯᠡᠳᠦᠯᠭᠡ ᠶᠢ ᠵᠢᠯᠣᠭᠤᠳᠤᠨ ᠠᠬᠢᠭᠤᠯᠵᠤ᠂ ᠦᠨᠡᠨ ᠪᠣᠳᠠᠲᠠᠢ ᠥᠭᠡᠷᠡᠴᠢᠯᠡᠯᠲᠡ ᠶᠢᠨ ᠦᠷ᠎ᠡ | ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠡ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠣᠯ ᠰᠡᠳᠦᠪ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ | ᠲᠥᠯᠥᠪᠵᠢᠭᠦᠯᠵᠦ ᠥᠭᠡᠷᠡᠴᠢᠯᠡᠯᠲᠡ ᠶᠢ ᠠᠳᠬᠤᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠨ᠎ᠠ᠃ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ | ᠥᠭᠡᠷᠡᠴᠢᠯᠡᠯᠲᠡ ᠶᠢ ᠲᠥᠯᠥᠪᠯᠡᠵᠦ ᠪᠠᠶᠢᠷᠢᠯᠠᠭᠤᠯᠬᠤ ᠪᠣᠯ ᠨᠠᠮ ᠠᠴᠠ ᠥᠭᠡᠷᠡᠴᠢᠯᠡᠯᠲᠡ ᠨᠡᠭᠡᠭᠡᠯᠲᠡ ᠶᠢ ᠤᠳᠤᠷᠢᠳᠤᠭᠰᠠᠨ ᠠᠮᠵᠢᠯᠲᠠ ᠲᠠᠢ ᠲᠤᠷᠰᠢᠯᠭ᠎ᠠ ᠮᠥᠨ᠃ | ᠮᠠᠨ ᠤ ᠨᠠᠮ ᠤᠨ 100 ᠭᠠᠷᠤᠢ ᠵᠢᠯ ᠤᠨ ᠲᠡᠮᠡᠴᠡᠯ ᠤᠨ ᠥᠩᠭᠡᠷᠡᠯᠲᠡ ᠶᠢ ᠡᠷᠭᠢᠴᠡᠭᠦᠯᠪᠡᠯ᠂ ᠨᠠᠮ ᠠᠴᠠ ᠠᠷᠠᠳ ᠲᠦᠮᠡᠨ ᠢ ᠳᠠᠭᠠᠭᠤᠯᠤᠨ ᠬᠢᠭᠰᠡᠨ ᠠᠯᠢᠪᠠ | ᠴᠢᠷᠮᠠᠶᠢᠯᠭ᠎ᠠ ᠪᠣᠯ ᠡᠴᠦᠰ ᠲᠡᠭᠡᠨ ᠣᠳᠣᠬᠢᠴᠢᠯᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ | ᠲᠥᠯᠥᠭᠡ ᠶᠤᠮ᠃ 40 ᠭᠠᠷᠤᠢ ᠵᠢᠯ ᠤᠨ ᠡᠮᠦᠨ᠎ᠡ ᠠᠴᠠ ᠡᠬᠢᠯᠡᠭᠰᠡᠨ ᠥᠭᠡᠷᠡᠴᠢᠯᠡᠯᠲᠡ ᠨᠡᠭᠡᠭᠡᠯᠲᠡ ᠨᠢ ᠡᠨᠡ ᠬᠦ ᠠᠤᠭ᠎ᠠ ᠬᠠᠷᠠᠯᠲᠠ ᠠᠴᠠ ᠡᠭᠦᠰᠦᠯ ᠲᠠᠢ ᠶᠤᠮ︔ | ᠤᠳᠤ ᠮᠠᠨ ᠤ ᠨᠠᠮ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠪᠠᠶᠢᠭ᠎ᠠ ᠨᠢ ᠮᠥᠨ ᠴᠦ ᠡᠨᠡ ᠬᠦ ᠠᠤᠭ᠎ᠠ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠢ | ᠬᠤᠷᠢᠶᠠᠩᠭᠤᠶᠢᠯᠠᠨ ᠳᠤᠷᠠᠳᠤᠭᠰᠠᠨ ᠪᠥᠭᠡᠳ ᠭᠦᠨᠵᠡᠭᠡᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ | ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠨᠢ ᠴᠥᠮ ᠡᠳᠡᠭᠡᠷ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ | ᠬᠦᠯᠢᠶᠡᠰᠦᠯᠡᠵᠦ ᠪᠠᠶᠢᠭ᠎ᠠ ᠪᠠᠶᠢᠭᠤᠯᠤᠯ ᠲᠣᠭᠲᠠᠴᠠ ᠶᠢᠨ ᠠᠰᠠᠭᠤᠳᠠᠯ ᠳᠤ ᠬᠠᠨᠳᠤᠭᠤᠯᠤᠭᠰᠠᠨ ᠶᠤᠮ᠃ ᠪᠢᠳᠡ ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠣᠳᠣᠬᠢᠴᠢᠯᠠᠯᠲᠠ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠴᠢᠬᠤᠯᠠ ᠶᠡᠭᠡ ᠪᠣᠳᠣᠯᠬᠢᠯᠠᠯ ᠢ ᠭᠦᠨᠵᠡᠭᠡᠢ ᠣᠶᠢᠯᠠᠭᠠᠨ ᠡᠵᠡᠮᠰᠢᠵᠦ᠂ ᠡᠨᠡ ᠬᠦ ᠭᠤᠣᠯ ᠰᠡᠳᠦᠪ ᠤᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ | ᠬᠡᠷᠬᠢᠪᠡᠯ ᠬᠥᠭᠵᠢᠯᠲᠡ ᠳᠤ ᠠᠰᠢᠭᠲᠠᠢ᠂ ᠠᠷᠠᠳ ᠲᠦᠮᠡᠨ ᠢ ᠰᠠᠶᠢᠨ ᠠᠮᠢᠳᠤᠷᠠᠭᠤᠯᠬᠤ ᠳᠤ ᠠᠰᠢᠭᠲᠠᠢ ᠪᠣᠯ ᠲᠡᠷᠡ ᠶᠠᠩᠵᠤ ᠪᠠᠷ ᠬᠢᠵᠦ᠂ ᠶᠠᠭᠤ ᠬᠥᠭᠵᠢᠯᠲᠡ ᠳᠤ | ᠠᠰᠢᠭ ᠦᠭᠡᠢ᠂ ᠠᠷᠠᠳ ᠲᠦᠮᠡᠨ ᠢ ᠰᠠᠶᠢᠨ ᠠᠮᠢᠳᠤᠷᠠᠭᠤᠯᠬᠤ ᠳᠤ ᠠᠰᠢᠭ ᠦᠭᠡᠢ ᠪᠣᠯ ᠲᠡᠭᠦᠨ ᠳᠤ ᠥᠭᠡᠷᠡᠴᠢᠯᠡᠯᠲᠡ ᠬᠢᠵᠦ᠂ ᠪᠦᠭᠦ ᠣᠷᠣᠨ ᠤ 2400 ᠲᠦᠮᠡᠨ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠴᠢ ᠵᠣᠷᠢᠭ ᠢ ᠦᠨᠡᠨ ᠬᠦ ᠭᠦᠢᠴᠡᠳ ᠳᠠᠶᠢᠴᠢᠯᠠᠵᠤ᠂ ᠰᠡᠳᠬᠢᠯ ᠨᠢᠭᠡᠳᠦᠨ ᠴᠢᠷᠮᠠᠶᠢᠨ ᠠᠵᠢᠯᠯᠠᠵᠤ᠂ | ᠳᠤᠮᠳᠠᠳᠤ ᠤᠯᠤᠰ ᠤᠨ ᠣᠨᠴᠠᠯᠢᠭ ᠪᠦᠬᠦᠢ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠨ᠎ᠡ᠃ | ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠵᠤ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠨᠠᠷᠢᠯᠢᠭ | ᠨᠠᠶᠢᠳᠠᠪᠤᠷᠢᠵᠢᠭᠤᠯᠤᠨ᠎ᠠ᠃ ︽ᠲᠣᠭᠲᠠᠭᠠᠯ︾ ᠳᠤ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ | ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ︾ ᠶᠡᠷᠦᠩᠬᠡᠢ ᠬᠠᠷᠠᠯᠲᠠ ᠶᠢᠨ | ᠲᠣᠭᠤᠷᠢᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠵᠢᠷᠤᠭ ᠲᠥᠰᠥᠪ᠂ ᠰᠢᠨ᠎ᠡ ᠬᠦᠰᠡᠯ ᠡᠷᠡᠮᠡᠯᠵᠡᠯ ᠢ | ᠰᠢᠰᠲ᠋ᠧᠮ ᠲᠠᠢ ᠲᠥᠯᠥᠪᠯᠡᠪᠡ᠃ ᠵᠢᠯᠤᠭᠤᠳᠬᠤ ᠵᠠᠷᠴᠢᠮ ᠤᠨ ᠲᠠᠯ᠎ᠠ ᠪᠠᠷ᠂ ᠮᠠᠨ ᠤ ᠨᠠᠮ ᠤᠨ ᠥᠭᠡᠷᠡᠴᠢᠯᠡᠯᠲᠡ ᠶᠢᠨ ᠲᠤᠬᠠᠢ ᠵᠢᠮ᠎ᠡ ᠶᠣᠰᠣᠴᠢ ᠴᠢᠨᠠᠷᠲᠠᠢ | ᠲᠠᠨᠢᠯᠲᠠ ᠶᠢᠨ ᠴᠢᠬᠤᠯᠠ ᠶᠡᠭᠡ ᠦᠷ᠎ᠡ ᠪᠦᠲᠦᠭᠡᠯ ᠢ ᠰᠢᠨᠵᠢᠯᠡᠬᠦ ᠤᠬᠠᠭᠠᠨᠴᠢ ᠪᠠᠷ ᠬᠤᠷᠢᠶᠠᠩᠭᠤᠶᠢᠯᠠᠵᠤ᠂ ︽ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠶᠡᠭᠡ | ᠵᠠᠷᠴᠢᠮ ᠢ ᠲᠣᠳᠣᠷᠬᠠᠢ ᠳᠤᠷᠠᠳᠪᠠ︔ ᠡᠭᠦᠷᠭᠡ ᠠᠷᠭ᠎ᠠ ᠬᠡᠮᠵᠢᠶ᠎ᠡ ᠶᠢᠨ ᠲᠠᠯ᠎ᠠ ᠪᠠᠷ᠂ 300 ᠭᠠᠷᠤᠢ ᠵᠦᠢᠯ ᠤᠨ ᠲᠤᠯᠭᠠᠭᠤᠷᠢᠯᠠᠬᠤ ᠴᠢᠨᠠᠷᠲᠠᠢ᠂ ᠬᠥᠲᠥᠯᠥᠨ | ᠳᠠᠭᠠᠭᠤᠯᠬᠤ ᠴᠢᠨᠠᠷᠲᠠᠢ᠂ ᠵᠣᠬᠢᠴᠠᠩᠭᠤᠢ ᠴᠢᠨᠠᠷᠲᠠᠢ᠂ ᠪᠠᠷᠠᠯᠠᠯᠳᠤ ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢ ᠪᠠᠶᠢᠷᠢᠯᠠᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠦᠭᠦᠨ ᠢ ᠬᠠᠮᠤᠷᠪᠠ︔ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠠᠯ᠎ᠠ ᠪᠠᠷ᠂ ᠪᠦᠭᠦ ᠨᠠᠮ ᠤᠨ | ᠥᠭᠡᠷᠡᠴᠢᠯᠡᠯᠲᠡ ᠶᠢ ᠠᠳᠬᠤᠵᠤ ᠬᠥᠭᠵᠢᠯᠲᠡ ᠶᠢ ᠠᠬᠢᠭᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠬᠤ ᠪᠠᠷ ᠬᠦᠴᠦᠯᠡᠬᠦ ᠴᠡᠭ | ᠪᠤᠯᠭᠠᠵᠤ᠂ ᠨᠠᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠤᠳᠤᠷᠢᠳᠬᠤ ᠲᠦᠪᠰᠢᠨ ᠢ ᠳᠡᠭᠡᠭᠰᠢᠯᠡᠭᠦᠯᠭᠦ ᠳᠤ ᠲᠤᠰᠬᠠᠢ ᠪᠠᠶᠢᠷᠢᠯᠠᠭᠤᠯᠤᠯᠲᠠ ᠬᠢᠵᠡᠢ᠃ ᠡᠳᠡᠭᠡᠷ ᠦᠵᠦ ᠲᠥᠯᠥᠪᠯᠡᠭᠡ ᠪᠣᠯᠣᠨ ᠶᠡᠷᠦᠩᠬᠡᠢ | ᠲᠥᠯᠦᠪᠵᠢᠭᠦᠯᠭᠡ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ | ᠡᠭᠦᠷᠭᠡ ᠶᠢᠨ ᠪᠢᠴᠢᠭ ᠢ ᠵᠢᠷᠤᠭᠯᠠᠵᠠᠢ᠃ ᠪᠢᠳᠡ ᠡᠷᠬᠡᠪᠰᠢ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢᠭᠡ ᠪᠦᠷᠢ ᠶᠢᠨ ᠠᠬᠤᠢ ᠪᠠᠶᠢᠳᠠᠯ ᠪᠠ ᠪᠠᠶᠢᠷᠢ ᠲᠣᠭᠲᠠᠭᠠᠯᠲᠠ᠂ ᠴᠢᠭᠯᠡᠯ ᠪᠠ ᠠᠭᠤᠯᠬᠤᠨ ᠢ ᠣᠨᠣᠪᠴᠢᠲᠠᠶ ᠣᠶᠢᠯᠠᠭᠠᠵᠤ᠂ | ︽ᠲᠣᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ︾ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠵᠦ᠂ ᠪᠡᠯᠭᠡ ᠲᠡᠮᠳᠡᠭ ᠤᠨ ᠴᠢᠨᠠᠷᠲᠠᠢ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠬᠠᠷᠠᠯᠲᠠ ᠲᠠᠢ ᠪᠠᠷ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ︽ᠶᠡᠭᠡ ᠤᠳᠬ᠎ᠠ ᠰᠠᠨᠠᠭ᠎ᠠ︾ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠥᠪᠥᠷ ᠮᠣᠩᠭᠤᠯ ᠤᠨ ᠦᠢᠯᠡᠳᠦᠯᠭᠡ ᠶᠢᠨ ︽ᠨᠠᠷᠢᠯᠢᠭ ᠵᠢᠷᠤᠭ︾ ᠪᠣᠯᠭᠠᠨ ᠬᠤᠪᠢᠷᠠᠭᠤᠯᠤᠨ᠎ᠠ᠃ | ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠠᠵᠢᠯ ᠢ ᠠᠬᠢᠭᠤᠯᠤᠨ᠎ᠠ | ᠶᠡᠷᠦᠩᠬᠡᠢ ᠱᠦᠵᠢ ᠰᠢ ᠶᠢᠨ ᠫᠢᠩ᠂ ︽ᠲᠣᠭᠲᠠᠭᠠᠯ︾ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ︽ᠪᠣᠳᠠᠲᠤ | ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠢ︾ ᠭᠡᠵᠦ ᠴᠢᠬᠤᠯᠠᠴᠢᠯᠠᠪᠠ᠃ ᠥᠪᠥᠷ ᠮᠣᠩᠭᠤᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ᠂ ︽ᠲᠠᠪᠤᠨ ᠶᠡᠭᠡ ᠡᠭᠦᠷᠭᠡ︾ ᠶᠢ | ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠬᠤ ᠲᠠᠢ ᠨᠢᠭᠲᠠ ᠤᠶᠠᠯᠳᠤᠭᠤᠯᠤᠨ ᠥᠷᠨᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠪᠣᠭᠤᠮᠲᠠ | ᠰᠢᠪᠲᠤᠯᠤᠨ ᠬᠠᠷᠰᠢ ᠰᠠᠭᠠᠳ ᠢ ᠠᠷᠢᠯᠭᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ | ᠲᠤᠭᠤᠰᠢᠯᠠᠭᠤᠯᠤᠨ᠎ᠠ᠃ 2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ︽ᠮᠥᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ | ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠵᠦ ᠳᠤᠷᠠᠳᠪᠠ᠃ ᠵᠢᠯ ᠭᠠᠷᠤᠢ ᠶᠢᠨ ᠲᠤᠷᠰᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ 28 | ᠵᠤᠷᠪᠤᠰ ᠪᠣᠳᠠᠲᠠᠢ ᠠᠷᠭ᠎ᠠ ᠬᠡᠮᠵᠢᠶ᠎ᠡ ᠲᠣᠭᠲᠠᠭᠠᠨ ᠬᠡᠷᠡᠭᠵᠢᠭᠦᠯᠵᠦ᠂ ᠲᠣᠭᠲᠠᠴᠠ ᠶᠢᠨ ᠲᠠᠯ᠎ᠠ ᠪᠠᠷ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠡᠯ᠎ᠡ | ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠪᠢᠳᠠ ᠡᠨᠡ ᠬᠦ ᠠᠵᠢᠯ ᠤᠨ ᠭᠤᠣᠯ ᠰᠢᠵᠢᠮ ᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠪᠦᠭᠦ ᠶᠠᠪᠤᠴᠠ ᠳᠤ ᠲᠤᠭᠤᠰᠢᠯᠠᠭᠤᠯᠵᠤ᠂ ︽ᠤᠶᠠᠯᠳᠤᠭᠤᠯᠬᠤ︾ ᠪᠠ ︽ᠠᠭᠤᠰᠤᠯᠴᠠᠭᠤᠯᠬᠤ︾ ᠳᠦᠷᠢᠮ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠡᠭᠦᠷᠭᠡ ᠲᠣᠳᠣᠷᠬᠠᠢ᠂ ᠠᠷᠭ᠎ᠠ ᠬᠡᠮᠵᠢᠶ᠎ᠡ ᠪᠣᠳᠠᠲᠠᠢ ᠶᠢ ᠡᠷᠬᠢᠮᠯᠡᠭᠰᠡᠨ᠂ ᠪᠦᠷᠢᠨ ᠪᠦᠲᠦᠨ ᠪᠢᠲᠡᠭᠦᠦ ᠭᠤᠭᠴᠣᠭᠠᠲᠤ᠂ | ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠲᠦᠷᠭᠡᠳᠬᠡᠨ ᠪᠦᠷᠢᠯᠳᠦᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ | ᠲᠦᠷᠪᠡᠨ ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾᠂ ︽ᠲᠠᠪᠤᠨ ᠦᠵᠡᠯᠲᠡ︾ ᠵᠢᠴᠢ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠵᠡᠷᠭᠡ | ᠣᠶᠢᠯᠠᠭᠠᠭᠳᠠᠬᠤᠨ ᠤ ᠱᠠᠭᠠᠷᠳᠠᠯᠭ᠎ᠠ ᠶᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠢᠯᠡ ᠠᠵᠢᠯᠯᠠᠭ᠎ᠠ ᠪᠠ ᠰᠡᠳᠬᠢᠴᠡ ᠳᠤ ᠨᠡᠩ ᠰᠠᠶᠢᠲᠤᠷ ᠠᠭᠤᠰᠬᠠᠨ | ᠣᠷᠣᠭᠤᠯᠤᠨ᠎ᠠ᠃ ᠶᠡᠭᠡ ᠲᠠᠯ᠎ᠠ ᠠᠴᠠ ᠪᠣᠳᠣᠯᠬᠢᠯᠠᠨ᠂ ᠪᠠᠭ᠎ᠠ ᠶᠠᠪᠤᠳᠠᠯ ᠠᠴᠠ ᠭᠠᠷᠳᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ | ᠳᠦᠷᠪᠡᠨ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠨ᠎ᠠ᠄ ᠨᠢᠭᠡ ᠳᠤ ᠬᠠᠮᠲᠤ ᠨᠠᠶᠢᠳᠠ ᠶᠢᠨ ᠤᠬᠠᠮᠰᠠᠷ ᠢ ᠪᠤᠢ ᠪᠣᠯᠭᠠᠨ᠎ᠠ᠃ ᠨᠡᠶᠢᠲᠡᠴᠢ ᠦᠵᠡᠯ ᠤᠨ ᠬᠥᠮᠦᠵᠢᠯ ᠢ | ᠭᠦᠨᠵᠡᠭᠡᠶᠢᠷᠡᠭᠦᠯᠵᠦ᠂ ᠬᠥᠮᠥᠨ ᠪᠠ ᠤᠴᠢᠷ ᠶᠠᠪᠤᠳᠠᠯ ᠳᠤ ᠵᠣᠬᠢᠴᠠᠭᠤᠯᠤᠨ ᠤᠷᠮᠠᠰᠢᠭᠤᠯᠤᠨ ᠵᠣᠷᠢᠭᠵᠢᠭᠤᠯᠬᠤ᠂ ᠳᠦᠷᠢᠮ ᠲᠣᠭᠲᠠᠭᠠᠯ ᠠᠷᠭ᠎ᠠ ᠬᠡᠮᠵᠢᠶ᠎ᠡ ᠰᠤᠳᠤᠯᠤᠨ | ᠲᠣᠭᠲᠠᠭᠠᠵᠤ᠂ ᠬᠥᠮᠥᠰ ᠢ ᠬᠥᠲᠥᠯᠥᠨ ᠵᠢᠯᠤᠭᠤᠳᠴᠤ ︽ᠬᠥᠮᠥᠨ ᠪᠦᠭᠦᠨ ᠮᠢᠨᠤ ᠲᠥᠯᠥᠭᠡ᠂ ᠪᠢ ᠬᠥᠮᠥᠨ ᠪᠦᠭᠦᠨ ᠤ ᠲᠥᠯᠥᠭᠡ ᠪᠠᠶᠢᠬᠤ︾ ᠪᠠ ︽ᠬᠠᠮᠲᠤ | ᠨᠠᠶᠢᠳᠠ ᠰᠠᠶᠢᠨ ᠪᠣᠯ ᠬᠤᠪᠢ ᠬᠥᠮᠥᠨ ᠰᠠᠶ᠋ᠢ ᠨᠠᠩ ᠰᠠᠶᠢᠨ ᠪᠠᠶᠢᠬᠤ︾ ᠣᠶᠢᠯᠠᠭᠠᠭᠳᠠᠬᠤᠨ ᠢ ᠪᠤᠶ ᠪᠤᠯᠭᠠᠵᠤ᠂ ᠤᠬᠠᠮᠰᠠᠷ ᠠᠴᠠ ᠪᠠᠨ ᠨᠡᠶᠢᠲᠡ ᠶᠢᠨ ᠡᠳ᠋ ᠪᠣᠳᠠᠰ ᠢ | ᠬᠠᠶᠢᠷᠠᠯᠠᠨ ᠬᠠᠮᠠᠭᠠᠯᠠᠵᠤ᠂ ᠨᠡᠶᠢᠲᠡ ᠶᠢᠨ ᠠᠰᠢᠭ ᠲᠤᠰᠠ ᠶᠢ ᠬᠠᠮᠠᠭᠠᠯᠠᠵᠤ᠂ ᠤᠴᠢᠷ ᠶᠠᠪᠤᠳᠠᠯ ᠪᠠᠶᠢᠪᠠᠯ ᠬᠠᠮᠲᠤ ᠪᠠᠷ ᠬᠢᠵᠦ᠂ ᠬᠦᠴᠢᠷ ᠪᠠᠶᠢᠪᠠᠯ ᠬᠠᠮᠲᠤ ᠪᠠᠷ | ᠡᠭᠦᠷᠭᠡᠯᠡᠵᠦ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠪᠣᠯᠭᠠᠨ᠎ᠠ᠃ ᠬᠤᠶᠠᠷ ᠲᠤ ᠡᠵᠡᠨ ᠬᠥᠮᠥᠨ ᠤ ᠤᠬᠠᠮᠰᠠᠷ ᠢ ᠪᠤᠢ ᠪᠣᠯᠭᠠᠨ᠎ᠠ᠃ ᠳᠦᠷᠢᠮ ᠲᠣᠭᠲᠠᠭᠠᠯ | ᠲᠣᠭᠲᠠᠭᠠᠬᠤ ᠪᠠᠷ ᠳᠠᠮᠵᠢᠨ ᠨᠡᠶᠢᠭᠡᠮ ᠤᠨ ᠡᠯ᠎ᠡ ᠡᠲᠡᠭᠡᠳ᠂ ᠡᠯ᠎ᠡ ᠲᠥᠷᠥᠯ ᠤᠨ ᠬᠥᠮᠥᠰ ᠤᠨ ︽ᠡᠵᠡᠨ ᠰᠠᠭᠤᠵᠤ ᠡᠷᠬᠡ ᠮᠡᠳᠡᠬᠦ︾ ᠢᠷᠠᠭᠤ ᠠᠯᠳᠠᠷᠲᠤ ᠰᠡᠳᠬᠢᠯᠭᠡ | ᠪᠠ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠬᠤ ᠶᠢ ᠠᠬᠢᠭᠤᠯᠵᠤ᠂ ᠥᠪᠥᠷ ᠮᠣᠩᠭᠤᠯ ᠤᠨ ᠬᠥᠭᠵᠢᠯᠲᠡ ᠶᠢ ᠥᠪᠡᠷ ᠤᠨ ᠶᠠᠪᠤᠳᠠᠯ ᠢᠶᠠᠨ ᠪᠤᠯᠭᠠᠵᠤ᠂ | ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠭᠦᠢᠴᠡᠳᠬᠡᠪᠡᠰᠦ ᠵᠣᠬᠢᠬᠤ ᠡᠭᠦᠷᠭᠡ ᠪᠠᠨ ᠰᠠᠶᠢᠲᠤᠷ ᠭᠦᠢᠴᠡᠳᠬᠡᠵᠦ᠂ ᠵᠢᠷᠤᠮᠵᠢᠭᠤᠯᠪᠠᠰᠤ ᠵᠣᠬᠢᠬᠤ | ᠦᠢᠯᠡ ᠠᠵᠢᠯᠯᠠᠭ᠎ᠠ ᠶᠢ ᠲᠤᠭᠤᠰᠢᠲᠠᠢ ᠵᠢᠷᠤᠮᠵᠢᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠳᠤ ᠢᠳᠡᠪᠬᠢᠲᠡᠢ | ᠣᠷᠣᠯᠴᠠᠭᠤᠯᠤᠨ᠎ᠠ᠃ ᠭᠤᠷᠪᠠ ᠳᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ ᠢ ᠪᠤᠢ ᠪᠣᠯᠭᠠᠨ᠎ᠠ᠃ ᠤᠮᠠᠷᠠᠲᠤ ᠬᠢᠯᠢ ᠶᠢᠨ ᠰᠣᠶᠣᠯ ᠢ | ᠪᠠᠶᠢᠭᠤᠯᠬᠤ ᠲᠠᠢ ᠤᠶᠠᠯᠳᠤᠭᠤᠯᠵᠤ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠦᠨᠳᠦᠰᠦᠲᠡᠨ ᠨᠦᠭᠦᠳ ᠤᠨ ᠬᠠᠮᠲᠤ ᠪᠠᠷ ᠶᠠᠪᠤᠵᠤ ᠥᠩᠭᠡᠷᠡᠭᠰᠡᠨ᠂ | ᠬᠠᠮᠲᠤ ᠪᠠᠷ ᠶᠠᠪᠤᠵᠤ ᠢᠷᠡᠭᠰᠡᠨ᠂ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠡᠶ᠎ᠡ ᠨᠠᠶᠢᠷᠲᠠᠢ ᠬᠠᠮᠲᠤ ᠣᠷᠣᠰᠢᠵᠤ᠂ ᠬᠠᠷᠢᠯᠴᠠᠨ ᠬᠠᠪᠰᠤᠷᠤᠯᠴᠠᠭᠰᠠᠨ ᠪᠣᠳᠠᠲᠤ ᠵᠢᠱᠢᠶ᠎ᠡ ᠶᠢ ᠰᠠᠶᠢᠲᠤᠷ ᠤᠬᠠᠭᠤᠯᠵᠤ᠂ ᠣᠷᠣᠨ ᠳᠠᠶᠠᠭᠠᠷ ᠢᠶᠠᠨ ᠳᠡᠭᠡᠷ᠎ᠡ | ᠳᠣᠣᠷ᠎ᠠ ᠱᠠᠲᠤ ᠪᠠᠷ ᠢᠶᠠᠨ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ | ᠣᠷᠭᠢᠯᠤᠮ᠎ᠠ ᠬᠠᠯᠠᠭᠤᠨ ᠰᠡᠳᠬᠢᠯᠭᠡ ᠶᠢ ᠬᠥᠭᠵᠢᠭᠡᠨ᠎ᠡ᠃ ᠳᠥᠷᠪᠡ ᠳᠤ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠤᠢ ᠪᠣᠯᠭᠠᠨ᠎ᠠ᠃ | ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠨᠳᠦᠰᠦᠨ ᠱᠠᠭᠠᠷᠳᠠᠯᠭ᠎ᠠ ᠮᠥᠨ᠃ ᠪᠢᠳᠡ ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠠ ᠶᠣᠰᠣ | ᠤᠴᠢᠷ︾ ᠤᠨ ᠲᠡᠦᠬᠡᠨ ᠮᠠᠲ᠋ᠧᠷᠢᠶᠠᠯ ᠢ ᠠᠭᠤᠳᠠᠯᠤᠨ ᠡᠮᠬᠢᠳᠬᠡᠬᠦ ᠪᠠ ᠤᠬᠠᠭᠤᠯᠤᠨ ᠲᠠᠶᠢᠯᠪᠤᠷᠢᠯᠠᠬᠤ ᠲᠣᠭᠲᠠᠴᠠ ᠶᠢ ᠪᠦᠷᠢᠨᠰᠢᠭᠦᠯᠵᠦ᠂ ︽ᠨᠠᠮ ᠤᠨ ᠠᠴᠢ ᠳᠤ | ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠠᠮ ᠪᠠ ᠵᠠᠰᠠᠭ ᠤᠨ | ᠣᠷᠳᠣᠨ ᠤ ᠣᠯᠠᠨ ᠲᠦᠮᠡᠨ ᠳᠤ ᠵᠣᠯ ᠵᠢᠷᠭᠠᠯ ᠣᠯᠭᠤᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ᠂ ᠣᠯᠣᠭᠰᠠᠨ ᠠᠮᠵᠢᠯᠲᠠ ᠪᠦᠲᠦᠮᠵᠢ ᠶᠢ ᠲᠣᠳᠣᠷᠬᠠᠢ ᠶᠠᠷᠢᠵᠤ | ᠥᠭᠭᠦᠨ᠂ ᠬᠥᠮᠥᠰ ᠤᠨ ᠨᠠᠮ ᠤᠨ ᠠᠴᠢ ᠶᠢ ᠨᠡᠩ ᠦᠨᠡᠨ ᠰᠡᠳᠬᠢᠯ ᠠᠴᠠ ᠪᠠᠨ ᠮᠡᠳᠡᠵᠦ᠂ ᠨᠠᠮ ᠤᠨ ᠰᠠᠶᠢᠨ ᠢ ᠳᠤᠷᠠᠰᠬᠤ ᠶᠢ ᠬᠥᠲᠥᠯᠥᠨ ᠵᠢᠯᠣᠭᠤᠳᠤᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠢ ᠴᠢᠷᠮᠠᠶᠢᠨ ᠨᠡᠭᠡᠭᠡᠪᠡ᠃ 2023 ᠣᠨ ᠳᠤ᠂ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠥᠪᠥᠷ ᠮᠣᠩᠭᠤᠯ ᠳᠤ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ︾ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠣᠯᠭᠤᠪᠠ᠃ ᠥᠪᠥᠷ ᠮᠣᠩᠭᠤᠯ | ᠤᠯᠤᠰ ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠲᠤᠰᠢᠶᠠᠯ | ᠬᠠᠷᠢᠭᠤᠴᠠᠯᠭ᠎ᠠ ᠶᠢ ᠡᠭᠦᠷᠭᠡᠯᠡᠵᠦ ᠪᠤᠶ᠂ ᠡᠨᠡ ᠬᠦ ︽ᠲᠠᠪᠤᠨ ᠠᠮᠤᠷ ᠲᠦᠪᠰᠢᠨ︾ ᠢ ᠬᠠᠮᠠᠭᠠᠯᠠᠬᠤ ᠨᠢ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ | ᠲᠠᠯ᠎ᠠ ᠪᠠᠷ ᠴᠢᠷᠮᠠᠶᠢᠨ ᠲᠡᠮᠡᠴᠡᠬᠦ ᠶᠠᠪᠤᠳᠠᠯ ᠪᠣᠯᠣᠨ᠎ᠠ᠂ ᠡᠨᠡ ᠪᠣᠯ ᠥᠪᠥᠷ ᠮᠣᠩᠭᠤᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠲᠠᠯ᠎ᠠ | ᠳᠤᠮᠳᠠ ᠡᠷᠬᠡᠪᠰᠢ ᠡᠭᠦᠷᠭᠡᠯᠡᠬᠦ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠪᠣᠯᠣᠨ᠎ᠠ᠃ ᠪᠢᠳᠡ ᠵᠠᠪᠠᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠣᠰᠣᠭᠠᠷ ᠰᠠᠨᠠᠭᠠᠴᠢᠯᠠᠭ᠎ᠠ ᠠᠴᠠ ᠪᠠᠨ ︽ | ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠤᠨᠤᠪᠴᠢᠳᠠᠢ ᠲᠠᠨᠢᠵᠤ︾᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠣᠷᠢᠭᠲᠠᠢ ᠲᠤᠷᠰᠢᠵᠤ᠂ ᠵᠣᠷᠢᠭᠲᠠᠢ ᠬᠢᠬᠦ | ᠬᠡᠷᠡᠭᠲᠡᠢ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠪᠠ ᠬᠥᠬᠡ ᠣᠭᠲᠠᠷᠭᠤᠢ᠂ ᠬᠥᠬᠡᠮᠳᠦᠭ ᠤᠰᠤ᠂ | ᠠᠷᠢᠭᠤᠨ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠠᠮᠢ ᠠᠬᠤᠢ ᠶᠢᠨ ᠪᠣᠯᠪᠠᠰᠤᠨ ᠤ ᠰᠠᠭᠤᠷᠢ | ᠪᠠᠶᠢᠭᠤᠯᠤᠯ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ | ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ᠂ ᠪᠦᠭᠦ ᠬᠦᠴᠦᠨ ᠵᠦᠢᠯ ᠤᠨ ᠪᠦᠭᠦ ᠲᠠᠯ᠎ᠠ ᠪᠠᠷ | ᠵᠠᠰᠠᠬᠤ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ | ᠲᠠᠯ᠎ᠠ ᠪᠠᠷ᠂ ᠬᠢᠯᠢ ᠬᠢᠵᠠᠭᠠᠷ ᠢ ᠰᠠᠬᠢᠨ ᠪᠠᠬᠢᠵᠢᠭᠦᠯᠵᠦ ᠮᠠᠨᠳᠤᠭᠤᠯᠬᠤ ᠶᠢ ᠴᠢᠩᠭᠠᠳᠬᠠᠬᠤ ᠪᠠᠷ ᠭᠤᠣᠯᠳᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠶᠢ ᠰᠡᠷᠭᠡᠶᠢᠯᠡᠵᠦ᠂ ᠤᠯᠤᠰ ᠤᠨ ᠠᠮᠤᠷ ᠲᠦᠪᠰᠢᠨ ᠤ ᠰᠢᠰᠲ᠋ᠧᠮ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠣᠨ ᠤᠯᠠᠨ ᠨᠡᠶᠢᠲᠡ ᠶᠢᠨ ᠠᠮᠤᠷ | ᠲᠦᠪᠰᠢᠨ ᠤ ᠵᠠᠰᠠᠯᠲᠠ ᠶᠢᠨ ᠲᠣᠭᠲᠠᠴᠠ ᠶᠢ ᠪᠦᠷᠢᠨᠰᠢᠭᠦᠯᠬᠦ ᠵᠡᠷᠭᠡ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ᠂ ᠡᠬᠡ ᠤᠯᠤᠰ ᠤᠨ ︽ | ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠨᠡᠩ ᠪᠠᠲᠤ ᠪᠠᠬᠢ ᠪᠣᠯᠭᠠᠨ ᠴᠣᠭᠴᠠᠯᠠᠬᠤ ᠪᠠᠷ ᠴᠢᠷᠮᠠᠶᠢᠨ᠎ᠠ᠃ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ᠬᠠᠩᠭᠠᠯᠭ᠎ᠠ ᠶᠢ ᠨᠡᠩ ᠰᠠᠶᠢᠲᠤᠷ | ᠪᠠᠲᠤᠯᠠᠬᠤ᠂ ᠡᠨᠧᠷᠭᠢ ᠶᠢᠨ ᠡᠬᠢ ᠪᠠᠶᠠᠯᠢᠭ ᠢ ᠨᠡᠩ ᠰᠢᠨᠵᠢᠯᠡᠬᠦ ᠤᠬᠠᠭᠠᠨᠴᠢ ᠪᠠᠷ ᠨᠡᠭᠡᠭᠡᠨ ᠠᠰᠢᠭᠯᠠᠬᠤ ᠳᠤ ᠰᠠᠭᠤᠷᠢᠯᠠᠨ᠂ ᠰᠢᠨ᠎ᠡ ᠬᠠᠭᠤᠴᠢᠨ ᠡᠨᠧᠷᠭᠢ ᠶᠢᠨ ᠬᠠᠮ | ᠳᠠᠪᠠᠭᠤᠯᠢᠭ ᠢ ᠪᠠᠳᠠᠷᠠᠭᠤᠯᠬᠤ᠂ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠢᠨ᠎ᠡ ᠬᠡᠷᠡᠭᠯᠡᠭᠡᠨ ᠤ ᠬᠦᠷᠢᠶ᠎ᠡ ᠶᠢᠨ ᠰᠤᠳᠤᠯᠤᠨ | ᠨᠡᠭᠡᠭᠡᠯᠲᠡ ᠶᠢ ᠴᠢᠩᠭᠠᠳᠬᠠᠬᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠭᠤᠣᠯ ᠬᠡᠰᠡᠭ ᠭᠠᠵᠠᠷ ᠪᠠ ᠵᠠᠩᠭᠢᠯᠠᠭ᠎ᠠ ᠶᠢᠨ ᠠᠵᠤ ᠦᠢᠯᠡᠰ ᠤᠨ ᠪᠡᠯᠡᠳᠬᠡᠯ ᠢ ᠪᠦᠲᠦᠭᠡᠨ | ᠪᠠᠶᠢᠭᠤᠯᠬᠤ ᠵᠡᠷᠭᠡ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠭᠡᠬᠦ ᠡᠨᠡ ᠬᠦ ᠶᠡᠭᠡ | ᠠᠵᠢᠯ ᠢ ᠦᠨᠡᠨ ᠬᠦ ᠰᠠᠶᠢᠲᠤᠷ ᠬᠢᠨ᠎ᠡ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ | ᠪᠦᠲᠦᠭᠡᠨ ᠪᠠᠶᠢᠭᠤᠯᠬᠤ ᠲᠠᠯ᠎ᠠ ᠪᠠᠷ᠂ ᠮᠠᠯ ᠠᠵᠤ ᠠᠬᠤᠢ ᠲᠠᠷᠢᠶᠠᠯᠠᠩ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠶᠢᠨ | ᠲᠣᠭᠤᠷᠢᠨ ᠳᠤ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠬᠦᠷᠢᠶ᠎ᠡ ᠬᠠᠰᠢᠶᠠᠨ ᠤ ᠠᠵᠤ ᠠᠬᠤᠢ ᠪᠣᠯᠣᠨ ᠲᠠᠷᠢᠶᠠᠯᠠᠩ ᠤᠨ | ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠵᠡᠷᠭᠡ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ᠂ | ᠭᠠᠷᠤᠯᠲᠠ ᠶᠢᠨ ᠶᠡᠭᠡ ᠣᠷᠣᠨ ᠠᠴᠠ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠲᠦᠷᠭᠡᠳᠬᠡᠨ᠎ᠡ᠃ ᠮᠠᠨ ᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠲᠠᠯ᠎ᠠ ᠪᠠᠷ᠂ ᠥᠨᠳᠥᠷ ᠲᠦᠪᠰᠢᠨ ᠪᠦᠬᠦᠢ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ | ᠲᠣᠭᠲᠠᠴᠠ ᠶᠢ ᠪᠦᠷᠢᠨᠰᠢᠭᠦᠯᠬᠦ ᠲᠠᠯ᠎ᠠ ᠪᠠᠷ ᠬᠢ ᠰᠦᠪᠡᠭᠴᠢᠯᠡᠯ ᠦᠢᠯᠡᠳᠦᠯᠭᠡ ᠪᠠᠨ ᠭᠦᠨᠵᠡᠭᠡᠶᠢᠷᠡᠭᠦᠯᠵᠦ᠂ ᠳᠣᠲᠣᠭᠠᠳᠤ ᠭᠠᠳᠠᠭᠠᠳᠤ ᠬᠤᠯᠪᠤᠭᠠᠯᠠᠨ ᠬᠥᠳᠡᠯᠦᠯᠴᠡᠭᠰᠡᠨ᠂ | ᠶᠡᠭᠡ ᠪᠠᠷ ᠣᠷᠣᠭᠤᠯᠵᠤ ᠶᠡᠭᠡ ᠪᠠᠷ ᠭᠠᠷᠭᠠᠬᠤ᠂ ᠤᠯᠠᠨ ᠲᠠᠯᠠᠲᠤ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ ᠰᠢᠨ᠎ᠡ ᠵᠠᠮ ᠨᠡᠭᠡᠭᠡᠬᠦ ᠳᠤ | ᠵᠠᠮ ᠰᠦᠪᠡᠭᠴᠢᠯᠡᠵᠦ ᠵᠠᠮ ᠨᠡᠭᠡᠭᠡᠬᠦ ᠪᠥᠭᠡᠳ ᠪᠠᠰᠠ ︽ᠮᠤᠬᠤᠷ ᠵᠠᠮ︾ ᠢ ᠨᠡᠪᠲᠡᠷᠡᠭᠦᠯᠬᠦ ᠬᠡᠷᠡᠭᠲᠡᠢ᠂ ᠪᠢᠳᠡ ᠠᠵᠤ ᠦᠢᠯᠡᠰ ᠤᠨ ︽ᠳᠦᠷᠪᠡᠨ ᠤᠯᠠᠨ ᠳᠦᠷᠪᠡᠨ | ᠴᠥᠭᠡᠨ︾᠂ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠭᠡᠬᠦ ᠲᠠᠯ᠎ᠠ ᠪᠠᠷ ᠬᠦᠷᠦᠯᠴᠡᠬᠦ ᠦᠭᠡᠢ᠂ ᠦᠨᠳᠦᠰᠦᠨ ᠱᠠᠲᠤᠨ ᠤ ᠵᠠᠰᠠᠯᠲᠠ ᠳᠤ ᠪᠠᠭᠤᠷᠠᠢ | ᠭᠤᠭᠴᠤᠭ᠎ᠠ ᠣᠷᠣᠰᠢᠵᠤ ᠪᠠᠶᠢᠬᠤ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ | ᠰᠦᠪᠡᠭᠴᠢᠯᠡᠬᠦ ᠳᠤ ᠦᠨᠡᠨ ᠪᠣᠳᠠᠲᠠᠢ ᠰᠢᠪᠲᠤᠯᠤᠯᠲᠠ ᠭᠠᠷᠭᠠᠵᠤ ᠳᠡᠶᠢᠯᠦᠭᠡᠳᠦᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠵᠠᠰᠠᠵᠤ ᠨᠥᠬᠦᠪᠦᠷᠢᠯᠡᠬᠦ | ᠴᠢᠬᠤᠯᠠᠲᠠᠢ ᠶᠢ ᠨᠢ ᠱᠠᠯᠠᠪᠳᠠᠨ ᠵᠠᠰᠠᠨ ᠨᠥᠬᠦᠪᠦᠷᠢᠯᠡᠵᠦ᠂ ᠨᠡᠪᠲᠡᠷᠡᠭᠦᠯᠬᠦ ᠴᠢᠬᠤᠯᠠᠲᠠᠢ ᠶᠢ ᠨᠢ ᠪᠦᠭᠦ ᠬᠦᠴᠦ ᠪᠠᠷ ᠢᠶᠠᠨ ᠨᠠᠪᠲᠠᠷᠡᠭᠦᠯᠵᠦ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠶᠢ ᠰᠠᠭᠠᠳ ᠦᠭᠡᠢ ᠠᠬᠢᠭᠤᠯᠬᠤ ᠳᠤᠮᠳᠠ ᠨᠡᠩ ᠶᠡᠭᠡ ᠦᠷ᠎ᠡ ᠪᠦᠲᠦᠮᠵᠢ ᠣᠯᠬᠤ ᠶᠢ ᠪᠡᠶᠡᠯᠡᠭᠦᠯᠦᠨ᠎ᠡ᠃ | ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠲᠡᠭᠦᠯᠳᠡᠷᠵᠢᠭᠦᠯᠬᠦ᠂ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠬᠦ᠂ ᠰᠤᠷᠲᠠᠯ ᠢᠶᠠᠨ | ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ᠂ ᠥᠭᠡᠷᠡᠴᠢᠯᠡᠯᠲᠡ | ᠬᠢᠬᠦ ᠳᠤ ᠶᠠᠭᠤᠨ ᠤ ᠡᠮᠦᠨ᠎ᠡ ᠢᠯᠡᠷᠡᠭᠦᠯᠦᠭᠰᠡᠨ ᠠᠰᠠᠭᠤᠳᠠᠯ ᠢᠶᠠᠨ ᠰᠠᠶᠢᠲᠤᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠪᠢᠳᠡ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠠᠪᠴᠠᠩ ᠢᠶᠠᠷ ᠳᠠᠮᠵᠢᠨ ᠬᠤᠷᠢᠶᠠᠨ ᠣᠯᠣᠭᠰᠠᠨ ᠠᠰᠠᠭᠤᠳᠠᠯ ᠪᠠ ᠦᠨᠳᠦᠰᠦᠨ ᠱᠠᠲᠤᠨ ᠤ ᠵᠠᠰᠠᠯᠲᠠ ᠳᠤ | ᠢᠯᠡᠷᠡᠭᠦᠯᠦᠭᠰᠡᠨ ᠠᠰᠠᠭᠤᠳᠠᠯ ᠢ ᠪᠦᠭᠦ ᠲᠠᠯ᠎ᠠ ᠪᠠᠷ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠪᠠᠶᠢᠨ ᠳᠠᠭᠢᠨ ᠠᠯᠳᠠᠭ᠎ᠠ ᠭᠠᠷᠭᠠᠭᠰᠠᠨ ᠪᠠᠶᠢᠪᠠᠯ ᠴᠡᠭᠴᠡᠯᠡᠨ | ᠰᠠᠶᠢᠵᠢᠷᠠᠭᠤᠯᠬᠤ ︽ᠨᠢᠭᠡ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠵᠦ᠂ ︽ᠮᠡᠳᠡᠵᠦ ᠪᠠᠶᠢᠭᠠᠳ ᠵᠠᠯᠠᠷᠠᠭᠤᠯᠬᠤ | ᠦᠭᠡᠢ︾ ᠪᠠ ︽ᠮᠡᠳᠡᠵᠦ ᠪᠠᠶᠢᠭᠠᠳ ᠵᠣᠷᠢᠭᠤᠳᠠ ᠠᠯᠳᠠᠭ᠎ᠠ ᠭᠠᠷᠭᠠᠭᠰᠠᠨ︾ ᠢ ᠠᠳᠠᠯᠢ ᠪᠠᠷ ᠴᠢᠩᠭ᠎ᠠ ᠰᠢᠢᠳᠬᠡᠵᠦ᠂ ᠦᠩᠭᠡᠨ ᠲᠠᠯ᠎ᠠ ᠪᠠ ᠦᠨᠳᠦᠰᠦᠨ ᠠᠴᠠ ᠨᠢ | ᠵᠠᠰᠠᠬᠤ ᠶᠢ ᠦᠨᠡᠨ ᠬᠦ ᠪᠠᠲᠤᠯᠠᠨ᠎ᠠ᠃ ᠲᠣᠭᠲᠠᠴᠠ ᠶᠢ ᠲᠡᠭᠦᠯᠳᠡᠷᠵᠢᠭᠦᠯᠬᠦ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠵᠠᠶᠢᠯᠠᠰᠢ ᠦᠭᠡᠢ ᠱᠠᠭᠠᠷᠳᠠᠯᠭ᠎ᠠ ᠮᠥᠨ᠃ ᠪᠢᠳᠡ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠬᠤ ᠪᠠᠷ ᠭᠠᠷᠳᠠᠴᠠ ᠪᠣᠯᠭᠠᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠠᠰᠢᠭ ᠬᠤᠨᠵᠢᠪᠤᠷᠢ ᠣᠯᠬᠤ ᠴᠢᠳᠠᠪᠤᠷᠢ ᠪᠠᠭᠤᠷᠠᠢ ᠪᠠᠶᠢᠬᠤ ᠪᠠᠶᠢᠳᠠᠯ ᠢ ᠬᠦᠴᠦᠯᠡᠨ ᠬᠤᠪᠢᠷᠠᠭᠤᠯᠵᠤ᠂ ᠤᠰᠤ ᠬᠡᠷᠡᠭᠯᠡᠬᠦ ᠳᠤ | ᠮᠦ ᠨᠢᠭᠡᠴᠢ ᠪᠠᠷ ᠰᠦᠢᠳᠬᠡᠯ ᠬᠤᠷᠢᠶᠠᠬᠤ᠂ ᠤᠰᠤ ᠬᠠᠮᠢᠶᠠᠷᠬᠤ ᠪᠠᠶᠢᠭᠤᠯᠤᠮᠵᠢ ᠶᠢᠨ ᠤᠰᠤ ᠶᠢ ᠲᠦᠰᠢᠭᠯᠡᠨ ᠬᠥᠮᠥᠨ ᠲᠡᠵᠢᠭᠡᠬᠦ ᠵᠡᠷᠭᠡ ᠲᠣᠭᠲᠠᠴᠠ ᠶᠢ ᠡᠪᠳᠡᠬᠦ ᠪᠠᠷ | ᠳᠠᠮᠵᠢᠭᠤᠯᠤᠨ ︽ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ︾ ᠬᠦᠴᠢᠷ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠨᠥᠬᠦᠪᠦᠷᠢ ᠥᠭᠬᠦ ᠲᠣᠭᠲᠠᠴᠠ ᠶᠢ | ᠲᠡᠭᠦᠯᠳᠡᠷᠵᠢᠭᠦᠯᠬᠦ᠂ ᠴᠠᠭᠠᠵᠠᠯᠠᠬᠤ ᠪᠠ ᠦᠯᠤ ᠴᠠᠭᠠᠵᠠᠯᠠᠬᠤ ᠳᠤ ᠴᠥᠮ ᠠᠳᠠᠯᠢᠬᠠᠨ ᠨᠥᠬᠦᠪᠦᠷᠢ ᠥᠭᠬᠦ ᠠᠷᠭ᠎ᠠ ᠬᠢᠳᠡᠯ ᠢ ᠬᠤᠪᠢᠷᠠᠭᠤᠯᠬᠤ ᠪᠠᠷ ᠳᠠᠮᠵᠢᠭᠤᠯᠤᠨ | ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ ᠠᠵᠢᠯ ᠤᠨ ᠦᠷ᠎ᠡ ᠪᠦᠲᠦᠮᠵᠢ ᠢᠯᠡᠷᠬᠡᠢ ᠪᠢᠰᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ | ᠬᠤᠳᠠᠯᠳᠤᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ | ᠬᠥᠭᠵᠢᠬᠦ ᠶᠢ ᠨᠠᠩ ᠰᠠᠶᠢᠲᠤᠷ ᠠᠬᠢᠭᠤᠯᠤᠨ᠎ᠠ᠃ ᠢᠯᠠᠩᠭᠤᠶ᠎ᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠡᠬᠢ | ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠ ᠭᠤᠣᠯᠳᠠᠯᠭ᠎ᠠ ᠲᠠᠢ ᠬᠦᠷᠢᠶᠡᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ | ᠵᠠᠰᠠᠯᠲᠠ ᠶᠢᠨ ᠲᠦᠪᠰᠢᠨ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠦᠷ᠎ᠡ ᠪᠦᠲᠦᠮᠵᠢ ᠦᠷ᠎ᠡ | ᠠᠰᠢᠭ ᠢᠶᠠᠨ ᠳᠡᠭᠡᠭᠰᠢᠯᠡᠭᠦᠯᠤᠨ᠎ᠠ᠃ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ ᠪᠣᠯ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠵᠠᠩᠭᠢᠯᠠᠭ᠎ᠠ ᠪᠣᠯᠣᠨ᠎ᠠ᠃ ᠪᠢᠳᠠ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢ ᠰᠤᠳᠤᠯᠤᠨ ᠲᠥᠯᠥᠪᠵᠢᠭᠦᠯᠬᠦ ᠲᠠᠢ ᠤᠶᠠᠯᠳᠤᠭᠤᠯᠵᠤ᠂ ᠡᠬᠢ | ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠠᠮᠢ ᠠᠬᠤᠢ ᠶᠢᠨ ᠪᠠᠶᠢᠳᠠᠯ ᠳᠠᠭᠠᠨ ᠰᠠᠭᠤᠷᠢᠯᠠᠨ ᠭᠡᠯᠪᠡᠷᠢ ᠪᠠᠨ ᠬᠤᠪᠢᠷᠠᠭᠤᠯᠤᠨ ᠪᠦᠲᠦᠴᠡ ᠪᠠᠨ | ᠲᠣᠬᠢᠷᠠᠭᠤᠯᠬᠤ ᠶᠢ ᠲᠦᠷᠭᠡᠳᠬᠡᠵᠦ᠂ ᠬᠥᠮᠥᠨ ᠠᠮᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠᠷ ᠬᠥᠲᠥᠯᠥᠮᠵᠢ ᠪᠣᠯᠭᠠᠨ ᠬᠤᠲᠠ ᠪᠠᠯᠭᠠᠰᠤ᠂ ᠠᠵᠤ ᠦᠢᠯᠡᠰ᠂ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠪᠠ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠭᠢ᠂ ᠪᠠᠷᠠᠭᠠᠨ ᠤ ᠭᠦᠢᠯᠭᠡᠭᠡ ᠵᠡᠷᠭᠡ | ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠢᠷᠤᠮᠵᠢᠯ ᠲᠠᠢ ᠡᠮᠬᠢ ᠳᠢᠭᠯᠢᠮ ᠲᠠᠢ᠂ ᠳᠠᠯᠢᠵᠤ ᠲᠠᠯᠪᠢᠬᠤ | ᠵᠣᠬᠢᠰ ᠲᠠᠢ᠂ ᠡᠷᠭᠢᠯᠲᠡ ᠰᠠᠭᠠᠳ ᠦᠭᠡᠢ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠠᠵᠤ ᠠᠬᠤᠢ ᠶᠢᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ | ᠪᠠᠶᠢᠭᠤᠯᠤᠨ᠎ᠠ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠪᠣᠯ ᠥᠭᠡᠷᠡᠴᠢᠯᠡᠯᠲᠡ ᠶᠢ ᠰᠠᠶᠢᠲᠤᠷ ᠠᠳᠬᠤᠬᠤ ᠶᠢᠨ ᠴᠢᠬᠤᠯᠠ ᠪᠠᠲᠤᠯᠠᠭ᠎ᠠ ᠮᠥᠨ᠃ ᠪᠢᠳᠡ ︽ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠰᠡᠷᠭᠡᠶᠢᠯᠡᠨ ᠵᠠᠰᠠᠬᠤ ᠳᠦᠷᠢᠮ ᠲᠣᠭᠲᠠᠴᠠ ᠶᠢ ᠲᠦᠷᠭᠡᠳᠬᠡᠨ ᠪᠦᠷᠢᠨᠰᠢᠭᠦᠯᠵᠦ᠂ ᠡᠯ᠎ᠡ | ᠲᠥᠷᠥᠯ ᠤᠨ ᠬᠦᠴᠦᠨ ᠦᠭᠡᠢ ᠬᠠᠤᠯᠢ ᠬᠡᠷᠡᠭᠵᠢᠭᠦᠯᠬᠦ ᠪᠠ ᠱᠠᠯᠠᠪᠳᠠᠭᠤᠯᠤᠨ ᠪᠠᠶᠢᠴᠠᠭᠠᠬᠤ ᠠᠵᠢᠯᠯᠠᠭ᠎ᠠ ᠶᠢ ᠡᠷᠡᠰ ᠬᠤᠷᠢᠭᠯᠠᠵᠤ᠂ ᠵᠣᠬᠢᠶᠠᠯ ᠤᠨ ᠰᠤᠷᠲᠠᠯ ᠬᠤᠷᠠᠯ ᠤᠨ | ᠰᠤᠷᠲᠠᠯ ᠢ ᠦᠷᠭᠦᠯᠵᠢᠯᠡᠨ ᠰᠠᠶᠢᠵᠢᠷᠠᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠵᠦ᠂ ᠵᠢᠷᠤᠮᠵᠢᠭᠤᠯᠬᠤ | ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ ᠴᠢᠩᠭ᠎ᠠ ᠬᠢᠵᠠᠭᠠᠷᠯᠠᠯ ᠢ ᠴᠢᠷᠮᠠᠶᠢᠨ ᠪᠦᠷᠢᠯᠳᠦᠭᠦᠯᠦᠨ᠎ᠡ᠃ | ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠨᠢᠭᠡᠳᠦᠯᠲᠡᠢ ᠲᠥᠯᠥᠪᠵᠢᠭᠦᠯᠬᠦ ᠠᠷᠭ᠎ᠠ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ | ᠶᠡᠷᠦᠩᠬᠡᠢ ᠱᠦᠵᠢ ᠰᠢ ᠶᠢᠨ ᠫᠢᠩ᠂ ︽ᠰᠢᠨ᠎ᠡ ᠶᠢ ᠡᠭᠦᠳᠬᠦ ᠶᠢ ᠰᠦᠪᠡᠭᠴᠢᠯᠡᠬᠦ ᠶᠢ ᠵᠣᠷᠢᠭᠵᠢᠭᠤᠯᠬᠤ ᠬᠡᠷᠡᠭᠲᠡᠢ︾᠂ ︽ᠪᠦᠭᠦ ᠲᠠᠯ᠎ᠠ ᠶᠢᠨ | ᠥᠭᠡᠷᠡᠴᠢᠯᠡᠯᠲᠡ ᠶᠢ ᠴᠢᠬᠤᠯᠠᠴᠢᠯᠠᠬᠤ ᠬᠡᠷᠡᠭᠲᠡᠢ︾ ᠭᠡᠪᠡ᠃ ᠪᠢᠳᠡ ᠡᠨᠡ ᠬᠦ ᠴᠢᠬᠤᠯᠠ ᠠᠷᠭ᠎ᠠ ᠶᠢᠨ ᠣᠨᠣᠯ ᠢ ᠦᠨᠡᠨ ᠬᠦ ᠰᠠᠶᠢᠲᠤᠷ ᠰᠤᠷᠤᠯᠴᠠᠵᠤ ᠰᠠᠶᠢᠲᠤᠷ | ᠬᠡᠷᠡᠭᠯᠡᠨ᠂ ᠰᠢᠨ᠎ᠡ ᠶᠢ ᠡᠭᠦᠳᠬᠦ ᠪᠠ ᠨᠢᠭᠡᠳᠦᠯᠲᠡᠢ ᠲᠥᠯᠥᠪᠵᠢᠭᠦᠯᠬᠦ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠨ᠎ᠠ᠃ | ᠰᠢᠨ᠎ᠡ ᠶᠢ ᠡᠭᠦᠳᠬᠦ ᠳᠤ ᠡᠩ ᠤᠨ ᠵᠤᠷᠰᠢᠯ ᠢ ᠡᠪᠳᠡᠵᠦ᠂ ᠬᠡᠪᠰᠢᠯ ᠤᠨ ᠬᠢᠵᠠᠭᠠᠷᠯᠠᠯ ᠠᠴᠠ ᠮᠤᠯᠲᠤᠷᠠᠬᠤ ᠬᠡᠷᠡᠭᠲᠡᠢ᠃ ᠪᠢᠳᠡ ᠥᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠤᠰᠤᠳ ᠤᠨ ᠪᠤᠳᠤᠵᠤ ᠦᠵᠡᠭᠡ ᠦᠭᠡᠢ ᠵᠦᠢᠯ ᠢ ᠵᠣᠷᠢᠭᠲᠠᠢ ᠪᠠᠷ ᠰᠡᠳᠬᠢᠭᠦᠯᠵᠦ᠂ ︽ᠥᠩᠭᠡᠷᠡᠭᠰᠡᠨ ᠳᠤ | ᠳᠠᠷᠤᠢ ᠢᠩᠭᠢᠵᠦ ᠬᠢᠵᠦ ᠪᠠᠶᠢᠭᠰᠠᠨ︾ ᠭᠡᠬᠦ ᠬᠠᠰᠢ ᠶᠠᠰᠢ ᠪᠠᠷ ᠥᠩᠭᠡᠷᠡᠭᠡᠬᠦ᠂ ︽ᠪᠤᠰᠤᠳ ᠬᠥᠮᠥᠨ ᠢᠩᠭᠢᠵᠦ ᠬᠢᠭᠰᠡᠨ ᠦᠭᠡᠢ︾ ᠭᠡᠬᠦ ᠰᠢᠯᠲᠠᠭᠯᠠᠨ ᠵᠠᠶᠢᠯᠠᠭᠤᠯᠬᠤ | ᠮᠠᠭᠤ ᠮᠠᠭᠤᠬᠠᠢ ᠳᠠᠳᠬᠠᠯ ᠢ ᠡᠷᠡᠰ ᠲᠠᠶᠠᠭᠳᠠᠵᠤ᠂ ︽ᠵᠣᠷᠢᠭᠲᠠᠢ ᠪᠠᠷ ᠲᠦᠷᠦᠭᠦᠯᠡᠨ ᠬᠢᠬᠦ︾ ᠢᠲᠡᠭᠡᠯ ᠵᠣᠷᠢᠭ ᠢᠶᠠᠨ ᠴᠢᠩᠭᠠᠷᠠᠭᠤᠯᠵᠤ᠂ ᠶᠠᠪᠤᠳᠠᠯ ᠪᠦᠭᠦᠨ ᠳᠤ | ᠴᠥᠮ ︽ᠰᠢᠢᠳᠪᠦᠷᠢᠯᠡᠬᠦ ᠰᠡᠳᠬᠢᠬᠦᠢ︾ ᠪᠠᠨ ᠴᠢᠩᠭᠠᠳᠬᠠᠵᠤ᠂ ︽ᠰᠢᠨ᠎ᠡ ᠰᠡᠪᠡᠭᠦᠨ ᠪᠤᠳᠤᠯ︾ ᠢ ᠢᠯᠡᠭᠦᠬᠡᠨ ᠳᠡᠪᠰᠢᠭᠦᠯᠬᠦ ᠬᠡᠷᠡᠭᠲᠡᠢ︔ ᠪᠤᠰᠤᠳ ᠤᠨ ᠬᠢᠵᠦ | ᠦᠵᠡᠭᠡ ᠦᠭᠡᠢ ᠵᠦᠢᠯ ᠢ ᠵᠣᠷᠢᠭᠲᠠᠢ ᠬᠢᠵᠦ᠂ ᠪᠣᠯᠣᠨ᠎ᠠ ᠭᠡᠵᠦ ᠪᠤᠳᠤᠬᠰᠠᠨ ᠶᠠᠪᠤᠳᠠᠯ ᠢ ᠵᠣᠷᠢᠭᠲᠠᠢ ᠬᠢᠵᠦ᠂ ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ | ᠬᠥᠭᠦᠷᠭᠡ ᠲᠠᠯᠪᠢᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠬᠰᠣᠬᠤ ᠦᠭᠡᠢ᠂ ᠲᠦᠷ ᠴᠠᠭ ᠰᠢᠢᠳᠪᠦᠷᠢᠯᠡᠵᠦ ᠳᠡᠶᠢᠯᠭᠦ ᠦᠭᠡᠢ ᠵᠦᠢᠯ ᠢ | ᠵᠣᠷᠢᠭᠲᠠᠢ ᠪᠠᠷ ︽ᠴᠢᠯᠠᠭᠤ ᠲᠡᠮᠲᠡᠷᠢᠵᠦ ᠭᠤᠣᠯ ᠭᠠᠲᠤᠯᠵᠤ︾᠂ ᠲᠤᠷᠰᠢᠨ ᠬᠢᠬᠦ ᠪᠠᠷ ᠳᠠᠮᠵᠢᠭᠤᠯᠤᠨ ᠢᠳᠡᠪᠬᠢᠲᠡᠢ ᠪᠠᠷ ᠵᠠᠮ ᠬᠠᠶᠢᠬᠤ ᠬᠡᠷᠡᠭᠲᠡᠢ᠃ ᠰᠢᠨ᠎ᠡ ᠶᠢ | ᠡᠭᠦᠳᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠪᠠ ᠠᠭᠤᠷ ᠠᠮᠢᠰᠬᠤᠯ ᠱᠠᠭᠠᠷᠳᠠᠭᠳᠠᠨ᠎ᠠ᠃ ᠪᠢᠳᠡ ᠰᠢᠨᠵᠢᠯᠡᠬᠦ ᠤᠬᠠᠭᠠᠨ ᠢ ᠡᠷᠭᠢᠮᠯᠡᠭᠦ᠂ ᠦᠨᠡᠨ ᠬᠦ ᠠᠳᠬᠤᠵᠤ | ᠪᠣᠳᠠᠲᠠᠢ ᠠᠵᠢᠯᠯᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠰᠢᠨ᠎ᠡ ᠶᠢ ᠡᠭᠦᠳᠬᠦ ᠰᠣᠶᠣᠯ ᠢ ᠶᠡᠭᠡ ᠪᠠᠷ ᠪᠤᠶᠢᠵᠢᠭᠤᠯᠤᠨ ᠪᠠᠳᠠᠷᠠᠭᠤᠯᠵᠤ᠂ ᠲᠦᠷᠦ ᠶᠢᠨ ᠪᠣᠳᠣᠯᠭ᠎ᠠ ᠶᠢᠨ | ᠬᠠᠩᠭᠠᠯᠭ᠎ᠠ ᠶᠢ ᠬᠠᠨᠳᠤᠯᠭᠠᠲᠤ ᠴᠢᠨᠠᠷᠲᠠᠢ ᠪᠠᠷ ᠰᠢᠯᠢᠳᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠴᠢᠳ ᠶᠠᠭᠤ ᠬᠡᠷᠡᠭᠰᠡᠪᠡᠯ ᠶᠠᠭᠤ ᠶᠢ ᠨᠢ ᠬᠠᠩᠭᠠᠵᠤ᠂ | ᠶᠠᠭᠤᠨ ᠠᠴᠠ ᠠᠶᠤᠪᠠᠯ ᠶᠠᠭᠤ ᠶᠢ ᠨᠢ ᠠᠷᠢᠯᠭᠠᠵᠤ᠂ ᠡᠯ᠎ᠡ ᠱᠠᠲᠤᠨ ᠤ ᠬᠢᠨ ᠤ ᠬᠦᠯᠢᠴᠡᠩᠭᠦᠢ ᠪᠤᠰᠤ ᠰᠤᠷᠲᠠᠯ ᠢ ᠴᠢᠩᠭ᠎ᠠ ᠴᠡᠭᠡᠷᠯᠡᠬᠦ ᠶᠢ ᠠᠬᠢᠭᠤᠯᠵᠤ᠂ ᠬᠢᠷᠢ | ᠭᠡᠮ ᠢᠶᠠᠷ ᠨᠢ ᠲᠤᠰᠢᠶᠠᠯ ᠲᠣᠬᠢᠷᠠᠭᠤᠯᠬᠤ ᠶᠢ ᠴᠢᠩᠭ᠎ᠠ ᠴᠡᠭᠡᠷᠯᠡᠵᠦ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠬᠦ ᠶᠢ ᠴᠢᠩᠭ᠎ᠠ ᠴᠡᠭᠡᠷᠯᠡᠵᠦ᠂ ᠬᠢᠷᠢ ᠠᠴᠠ ᠨᠢ | ᠳᠡᠭᠡᠭᠦᠷ ᠬᠡᠲᠦᠷᠬᠡᠢ ᠱᠠᠭᠠᠷᠳᠠᠬᠤ ᠶᠢ ᠴᠢᠩᠭ᠎ᠠ ᠴᠡᠭᠡᠷᠯᠡᠵᠦ᠂ ᠨᠡᠩ ᠠᠭᠤᠵᠢᠭᠤ ᠴᠢᠯᠦᠭᠡᠲᠡᠢ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠣᠯᠭᠠᠨ᠎ᠠ᠃ | ᠨᠢᠭᠡᠳᠦᠯᠲᠡᠢ ᠲᠥᠯᠥᠪᠵᠢᠭᠦᠯᠬᠦ ᠭᠡᠳᠡᠭ ᠨᠢ ᠳᠠᠷᠤᠢ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ | ᠴᠢᠩᠭᠠᠷᠠᠭᠤᠯᠬᠤ ᠶᠠᠪᠤᠳᠠᠯ ᠪᠣᠯᠣᠨ᠎ᠠ᠃ ᠨᠢᠭᠡ ᠳᠤ᠂ ᠡᠭᠦᠷᠭᠡ ᠶᠢᠨ ᠬᠤᠷᠠᠮᠠᠯ ᠢ ᠴᠢᠩᠭᠠᠳᠬᠠᠨ᠎ᠠ᠃ ᠠᠳᠠᠯᠢ ᠨᠢᠭᠡᠨ ᠬᠦᠷᠢᠶ᠎ᠡ ᠴᠠᠷᠠᠭ᠎ᠠ᠂ ᠠᠳᠠᠯᠢ ᠨᠢᠭᠡᠨ ᠱᠤᠭᠤᠮ | ᠳᠡᠭᠡᠷᠡᠬᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠰᠢᠰᠲ᠋ᠧᠮ ᠲᠠᠢ ᠪᠠᠷ ᠠᠬᠢᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠤᠶᠢᠵᠢᠭᠤᠯᠤᠨ ᠪᠤᠵᠠᠭᠠᠶᠢᠷᠠᠭᠤᠯᠬᠤ ᠳᠤ᠂ ᠲᠥᠪ ᠤᠨ ᠠᠵᠤ ᠠᠬᠤᠶᠢᠯᠠᠯ᠂ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠯ᠎ᠡ ᠲᠦᠷᠦᠯ ᠤᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠲᠣᠮᠣ ᠳᠤᠮᠳᠠ ᠵᠢᠵᠢᠭ ᠠᠵᠤ ᠠᠬᠤᠶᠢᠯᠠᠯ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠦᠢᠯᠡᠴᠢᠯᠡᠭᠡᠨ ᠤ ᠲᠣᠪᠴᠢᠶ᠎ᠠ ᠶᠢᠨ ᠬᠠᠮᠲᠤ ᠪᠠᠷ ᠬᠦᠴᠦᠯᠡᠬᠦ ᠶᠢ ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠳᠤ᠂ ᠦᠷ᠎ᠡ ᠶᠢᠨ ᠢᠷᠡᠯᠲᠡ ᠶᠢ | ᠰᠤᠳᠤᠯᠤᠨ ᠪᠤᠶᠢᠵᠢᠭᠤᠯᠬᠤ᠂ ᠡᠪᠡᠰᠦ ᠪᠣᠷᠳᠤᠭ᠎ᠠ ᠲᠠᠷᠢᠬᠤ᠂ ᠨᠢᠲᠤᠯᠵᠤ ᠡᠳ᠋ᠰᠢᠭᠦᠯᠬᠦ᠂ ᠪᠣᠷᠣᠯᠠᠭᠤᠯᠬᠤ ᠪᠠᠷᠠᠭᠠᠨ ᠤ ᠭᠦᠢᠯᠭᠡᠭᠡ ᠵᠡᠷᠭᠡ ᠶᠢ ᠪᠦᠷ ᠵᠡᠷᠭᠡ ᠳᠤᠨᠢ ᠬᠢᠵᠦ᠂ | ᠪᠦᠬᠦᠯᠢ ᠴᠣᠭᠴᠠ ᠶᠢᠨ ᠦᠷ᠎ᠡ ᠠᠰᠢᠭ ᠢᠶᠠᠷ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠠᠷᠭᠠᠴᠠᠭᠠᠨ᠎ᠠ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ | ᠵᠠᠰᠠᠬᠤ ᠳᠤ᠂ ᠴᠢᠬᠢ ᠮᠣᠳᠣ ᠪᠤᠶᠢᠵᠢᠭᠤᠯᠬᠤ᠂ ᠮᠠᠲ᠋ᠧᠷᠢᠶᠠᠯ ᠦᠢᠯᠡᠳᠪᠦᠷᠢᠯᠡᠬᠦ᠂ ᠲᠤᠨᠤᠭ ᠲᠥᠬᠦᠭᠡᠷᠦᠮᠵᠢ ᠰᠤᠳᠤᠯᠤᠨ ᠨᠡᠭᠡᠭᠡᠬᠦ᠂ ᠲᠦᠷᠦᠯ ᠵᠦᠢᠯ ᠤᠨ ᠪᠠᠷᠢᠯᠭ᠎ᠠ᠂ | ᠪᠤᠶᠢᠵᠢᠭᠤᠯᠤᠨ ᠬᠠᠮᠠᠭᠠᠯᠠᠬᠤ᠂ ᠤᠢ ᠰᠢᠭᠤᠢ ᠡᠯᠡᠰᠦ ᠡᠪᠡᠰᠦᠨ ᠤ ᠠᠵᠤ ᠦᠢᠯᠡᠰ ᠢ ᠬᠥᠭᠵᠢᠭᠦᠯᠬᠦ ᠡᠯ᠎ᠡ ᠭᠤᠭᠴᠤᠭ᠎ᠠ ᠶᠢ ᠴᠥᠮ ᠠᠳᠬᠤᠵᠤ᠂ ᠦᠷ᠎ᠡ ᠠᠰᠢᠭ ᠢ | ᠬᠠᠮᠤᠭ ᠤᠨ ᠶᠡᠭᠡ ᠪᠤᠯᠭᠠᠬᠤ᠂ ᠵᠠᠰᠠᠯᠲᠠ ᠶᠢ ᠪᠠᠶᠢᠩᠭᠤᠵᠢᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ᠂ ᠬᠠᠷᠢᠭᠤᠴᠠᠯᠭ᠎ᠠ ᠶᠢᠨ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠨ᠎ᠠ᠃ ᠰᠢᠰᠲ᠋ᠧᠮ ᠲᠠᠢ ᠪᠠᠷ ᠥᠭᠡᠷᠡᠴᠢᠯᠡᠯᠲᠡ ᠶᠢ ᠰᠤᠳᠤᠯᠤᠨ ᠠᠬᠢᠭᠤᠯᠬᠤ ᠶᠢ ᠪᠠᠷᠢᠮᠲᠠᠯᠠᠵᠤ᠂ ᠣᠯᠠᠨ ᠰᠠᠯᠠᠭ᠎ᠠ ᠮᠥᠴᠢᠷ ᠲᠤ | ᠬᠤᠯᠪᠣᠭᠳᠠᠬᠤ ᠡᠭᠦᠷᠭᠡ ᠶᠢ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠠᠵᠢᠯ ᠢᠶᠠᠨ ᠬᠤᠪᠢᠶᠠᠷᠢᠯᠠᠨ ᠪᠣᠭᠤᠮᠲᠠ ᠰᠠᠬᠢᠵᠤ᠂ ᠨᠢᠭᠲᠠ ᠬᠠᠮᠵᠢᠯᠴᠠᠬᠤ ᠶᠢ ᠱᠠᠯᠠᠪᠳᠠᠭᠤᠯᠤᠨ | ᠱᠠᠭᠠᠷᠳᠠᠵᠤ᠂ ︽ᠡᠭᠦᠳᠡᠨ ᠡᠮᠦᠨᠡᠬᠢ ᠴᠠᠰᠤ ᠪᠠᠨ ᠠᠷᠢᠯᠭᠠᠬᠤ︾ ᠴᠢᠨᠠᠭᠰᠢᠯᠠᠪᠠᠯ ᠰᠠᠯᠠᠭ᠎ᠠ ᠮᠥᠴᠢᠷ ᠤᠨ ᠠᠰᠢᠭ ᠲᠤᠰᠠ ᠶᠢᠨ ᠲᠥᠯᠥᠭᠡ ᠬᠠᠷᠢᠯᠴᠠᠨ ᠨᠢᠭᠡᠨ | ᠨᠢᠭᠡᠨ ᠳᠡᠭᠡᠨ ᠬᠠᠷᠰᠢ ᠰᠠᠭᠠᠳ ᠪᠤᠯᠬᠤ ᠠᠴᠠ ᠰᠡᠷᠭᠡᠶᠢᠯᠡᠨ᠎ᠡ᠃ ᠭᠤᠷᠪᠠ ᠳᠤ᠂ ᠬᠠᠨᠳᠤᠰᠢ ᠶᠢᠨ ᠨᠢᠭᠡᠳᠦᠯᠲᠡᠢ ᠪᠠᠶᠢᠬᠤ ᠶᠢ ᠪᠠᠲᠤᠯᠠᠨ᠎ᠠ᠃ ᠶᠠᠮᠠᠷᠪᠠ ᠬᠦᠷᠢᠶᠡᠨ ᠳᠤ | ᠲᠦᠷᠦ ᠶᠢᠨ ᠪᠣᠳᠣᠯᠭ᠎ᠠ ᠲᠣᠭᠲᠠᠭᠠᠬᠤ᠂ ᠪᠢᠴᠢᠭ ᠮᠠᠲ᠋ᠧᠷᠢᠶᠠᠯ ᠨᠡᠶᠢᠲᠡᠯᠡᠬᠦ᠂ ᠳᠦᠷᠢᠮ ᠲᠣᠭᠲᠠᠭᠠᠬᠤ ᠨᠢ ᠴᠥᠮ ᠨᠠᠮ ᠤᠨ ᠤᠳᠤᠷᠢᠳᠤᠯᠭ᠎ᠠ ᠶᠢ ᠴᠢᠩᠭᠠᠳᠬᠠᠨ | ᠰᠠᠶᠢᠵᠢᠷᠠᠭᠤᠯᠬᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠲᠡᠶᠢᠰᠢ | ᠬᠠᠮᠲᠤ ᠪᠠᠷ ᠬᠦᠴᠦᠯᠡᠬᠦ ᠬᠡᠷᠡᠭᠲᠡᠢ᠃ ᠨᠢᠭᠡᠳᠦᠯᠲᠦ ᠴᠢᠨᠠᠷᠲᠠᠢ ᠦᠨᠡᠯᠡᠯᠲᠡ ᠶᠢ ᠢᠮᠠᠭᠲᠠ ᠲᠤᠭᠤᠰᠢᠯᠠᠭᠤᠯᠵᠤ᠂ ᠪᠦᠬᠦᠯᠢ ᠴᠣᠭᠴᠠ ᠶᠢᠨ ᠥᠭᠡᠷᠡᠴᠢᠯᠡᠯᠲᠡ ᠶᠢᠨ | ᠡᠭᠦᠷᠭᠡ ᠶᠢ ᠵᠦᠭ ᠵᠦᠭ ᠲᠤᠨᠢ ᠬᠤᠪᠢᠶᠠᠭᠠᠳ ︽ᠵᠠᠳᠠᠯᠤᠯᠲᠠ ᠶᠢᠨ ᠪᠤᠷᠤᠭᠤ ᠪᠤᠯᠬᠤ︾᠂ ᠬᠡᠰᠡᠭ ᠲᠠᠯ᠎ᠠ ᠶᠢᠨ ᠵᠦᠢ ᠵᠣᠬᠢᠰᠲᠠᠢ ᠥᠭᠡᠷᠡᠴᠢᠯᠡᠯᠲᠡ ᠶᠢᠨ | ᠳᠠᠪᠬᠤᠴᠠᠯ ᠠᠴᠠ ᠪᠣᠯᠵᠤ ᠮᠡᠳᠡᠬᠦ ᠨᠠᠵᠠᠭᠠᠢ ᠲᠠᠯ᠎ᠠ ᠶᠢᠨ ᠨᠥᠯᠥᠭᠡ ᠶᠢ ᠵᠢᠱᠢᠭᠰᠡᠨ ᠠᠴᠠ ᠭᠦᠢᠴᠡᠳ ᠦᠭᠡᠢ ᠪᠣᠯᠵᠤ ︽ᠨᠡᠶᠢᠯᠡᠮᠡᠯ ᠪᠤᠷᠤᠭᠤ︾ ᠪᠤᠯᠬᠤ ᠠᠴᠠ | ᠰᠡᠷᠭᠡᠶᠢᠯᠡᠨ᠎ᠡ᠃ ᠳᠥᠷᠪᠡ ᠳᠤ᠂ ᠠᠶᠤᠯ ᠲᠦᠭᠰᠢᠭᠦᠷᠢ ᠶᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠨ᠎ᠠ᠃ ᠪᠢᠳᠡ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠪᠠᠨ ᠴᠢᠩᠭᠠᠳᠬᠠᠵᠤ᠂ ᠭᠠᠵᠠᠷ ᠣᠷᠣᠨ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ | ᠲᠣᠪᠤᠶᠢᠮ᠎ᠠ ᠠᠰᠠᠭᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠰᠦᠪᠡᠭᠴᠢ ᠶᠢ ᠬᠠᠮᠲᠤᠷᠠᠨ ᠪᠠᠶᠢᠴᠠᠭᠠᠬᠤ᠂ ᠠᠰᠠᠭᠤᠳᠠᠯ ᠢ ᠬᠠᠮᠲᠤᠷᠠᠨ ᠰᠢᠢᠳᠪᠦᠷᠢᠯᠡᠬᠦ | ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠬᠠᠮᠵᠢᠯᠴᠠᠨ ᠠᠬᠢᠭᠤᠯᠤᠭᠰᠠᠨ ᠢᠶᠠᠷ ᠬᠦᠷᠦᠯᠴᠡᠬᠦ ᠦᠭᠡᠢ ᠠᠴᠠ ᠪᠣᠯᠵᠤ ᠠᠵᠢᠯ ᠳᠤ ᠰᠠᠨᠠᠭᠠᠴᠢᠯᠠᠭᠠᠲᠤ ᠪᠤᠰᠤ ᠪᠠᠶᠢᠳᠠᠯ | ᠡᠭᠦᠰᠬᠡᠬᠦ᠂ ᠲᠤᠰᠢᠶᠠᠯ ᠬᠠᠷᠢᠭᠤᠴᠠᠯᠭ᠎ᠠ ᠲᠣᠳᠣᠷᠬᠠᠢ ᠦᠭᠡᠢ ᠠᠴᠠ ᠪᠣᠯᠵᠤ ᠬᠢᠨᠠᠯᠲᠠ ᠬᠠᠮᠢᠶᠠᠷᠤᠯᠲᠠ ᠶᠢᠨ ᠬᠤᠭᠤᠰᠤᠨ ᠣᠷᠣᠨ ᠪᠤᠢ ᠪᠤᠯᠬᠤ ᠠᠴᠠ ᠵᠠᠶᠢᠯᠠᠰᠬᠢᠨ᠎ᠡ᠃ | ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠳᠤ ᠠᠶᠤᠯ ᠲᠦᠭᠰᠢᠭᠦᠷᠢ ᠶᠢᠨ ᠦᠨᠡᠯᠡᠯᠲᠡ ᠬᠢᠵᠦ᠂ ᠠᠬᠢᠭᠤᠯᠬᠤ ᠶᠠᠪᠤᠴᠠ ᠳᠤ ᠴᠠᠭ | ᠲᠣᠭᠢᠶᠠᠯ᠂ ᠠᠷᠭ᠎ᠠ ᠭᠡᠯᠪᠡᠷᠢ᠂ ᠭᠦᠭ ᠠᠶᠢᠵᠠᠮ ᠢ ᠰᠠᠶᠢᠲᠤᠷ ᠡᠵᠡᠮᠳᠡᠵᠦ᠂ ᠲᠣᠭᠲᠠᠭᠤᠨ ᠪᠤᠰᠤ ᠬᠦᠴᠦᠨ ᠵᠦᠢᠯ ᠢ ᠡᠭᠦᠰᠬᠡᠬᠦ ᠠᠴᠠ ᠰᠡᠷᠭᠡᠶᠢᠯᠡᠨ᠎ᠡ᠃ | ︵ᠤᠤᠯ ᠵᠣᠬᠢᠶᠠᠯ ᠢ ︽ᠨᠠᠮ ᠤᠨ ᠪᠠᠶᠢᠭᠤᠯᠤᠯᠲᠠ︾ ᠰᠡᠳᠬᠦᠯ ᠤᠨ 2024 ᠣᠨ ᠤ 10 ᠳ᠋ᠤᠭᠠᠷ ᠬᠤᠭᠤᠴᠠᠭ᠎ᠠ ᠳᠤ ᠨᠡᠶᠢᠲᠡᠯᠡᠪᠡ︶ | | | |