ᠸᠠᠩ ᡁᠢ ᠫᠢᠩ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠤᠨ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠸᠢᠳᠢᠣ᠋ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/15
      9 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠪᠠ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠤᠯᠭᠦᠶ ᠦᠢᠯᠡᠳᠪᠦᠷᠢᠯᠡᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠵᠢᠴᠢ ᠪᠥᠬᠦ ᠤᠯᠤᠰ᠂ ᠪᠥᠬᠦ ᠣᠷᠣᠨ ᠤ ᠠᠶᠤᠯᠭᠦᠶ ᠦᠢᠯᠡᠳᠪᠦᠷᠢᠯᠡᠯ ᠪᠠ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠠᠮᠤᠷ ᠲᠦᠪᠰᠢᠨ ᠤ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃      ᠸᠠᠩ ᡁᠢ ᠫᠢᠩ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ       ᠸᠠᠩ ᡁᠢ ᠫᠢᠩ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠬᠤ ᠶᠢᠨ ᠵᠠᠩᠭᠢᠯᠠᠭ᠎ᠠ ᠨᠢ ᠤᠳᠤᠷᠢᠳᠤᠯᠭ᠎ᠠ ᠳᠤ ᠪᠤᠢ᠂ ᠦᠨᠳᠦᠰᠦ ᠨᠢ ᠲᠠᠨᠢᠯᠲᠠ ᠳᠤ ᠪᠤᠢ ᠂ ᠭᠤᠣᠯᠳᠠᠯᠭ᠎ᠠ ᠨᠢ ᠨᠠᠶᠢᠳᠠᠪᠤᠷᠢᠵᠢᠭᠤᠯᠬᠤ ᠳᠤ ᠪᠤᠢ᠃ ᠲᠣᠳᠣᠷᠬᠠᠢ ᠪᠥᠭᠡᠳ ᠴᠢᠩᠭ᠎ᠠ ᠲᠣᠳᠣᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠡᠷᠡᠰ ᠪᠠᠲᠤ ᠪᠠᠶᠢᠭᠤᠯᠵᠤ᠂ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠦᠨᠡᠨᠬᠦ ᠴᠢᠩᠭᠠᠳᠬᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠨᠡᠨᠬᠦ ᠠᠬᠢᠭᠤᠯᠵᠤ᠂ ᠪᠠᠷᠢᠯᠭ᠎ᠠ᠂ ᠰᠢᠲᠠᠮᠠᠬᠠᠢ ᠬᠡᠢ᠂ ᠠᠭᠤᠷᠬᠠᠢ᠂ ᠭᠠᠯ ᠤᠨᠲᠠᠷᠠᠭᠠᠬᠤ᠂ ᠠᠶᠤᠯᠲᠠᠢ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠦᠬᠦ ᠬᠡᠯᠬᠢᠶ᠎ᠡ ᠪᠠᠷ ᠴᠡᠭᠴᠡᠯᠡᠨ ᠵᠠᠰᠠᠬᠤ ᠶᠢ ᠶᠡᠬᠡᠪᠡᠷ ᠠᠬᠢᠭᠤᠯᠵᠤ᠂ ᠠᠶᠤᠯ ᠲᠠᠢ ᠠᠵᠢᠯ ᠤᠨ ᠠᠮᠤᠷ ᠲᠦᠪᠰᠢᠨ ᠤ ᠬᠡᠮ ᠰᠣᠭᠤᠭ ᠢ ᠴᠢᠩᠭ᠎ᠠ ᠬᠠᠮᠢᠶᠠᠷᠤᠨ ᠴᠢᠩᠭ᠎ᠠ ᠡᠵᠡᠮᠳᠡᠵᠦ᠂ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠦᠨᠡᠨᠬᠦ ᠴᠢᠩᠭᠠᠳᠬᠠᠵᠤ᠂ ᠠᠰᠠᠭᠤᠳᠠᠯ ᠤᠨ ᠬᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠡᠷᠡᠰ ᠰᠢᠢᠳᠪᠦᠷᠢᠯᠡᠵᠦ᠂ ᠠᠳᠡᠯ ᠭᠠᠷᠬᠤ ᠠᠴᠠ ᠡᠮᠦᠨ᠎ᠡ ᠠᠷᠢᠯᠭᠠᠬᠤ ᠬᠡᠷᠡᠭᠲᠡᠢ᠃      ᠸᠠᠩ ᡁᠢ ᠫᠢᠩ᠂ ᠬᠤᠷᠢᠭ᠎ᠠ ᠱᠤᠭᠤᠮ ᠤᠨ ᠰᠡᠳᠬᠢᠬᠦᠢ ᠪᠣᠯᠤᠨ ᠲᠦᠢᠯ ᠤᠨ ᠰᠡᠳᠬᠢᠬᠦᠢ ᠪᠠᠨ ᠴᠢᠩᠭᠠᠳᠬᠠᠵᠤ᠂ ᠨᠠᠮᠤᠷ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠭᠤᠤᠯᠳᠠᠯᠭ᠎ᠠ ᠲᠠᠢ ᠨᠢᠭᠡᠴᠡ᠂ ᠭᠤᠤᠯᠳᠠᠯᠭ᠎ᠠ ᠲᠠᠢ ᠣᠷᠣᠨ ᠪᠦᠰᠡ᠂ ᠴᠢᠬᠤᠯᠠ ᠪᠡᠯᠡᠳᠬᠡᠮᠵᠢ ᠶᠢ ᠴᠢᠩᠭ᠎ᠠ ᠠᠩᠬᠠᠷᠴᠤ᠂ ᠪᠥᠬᠦ ᠲᠠᠯ᠎ᠠ ᠶᠢᠨ᠂ ᠲᠣᠤᠷ ᠲᠠᠲᠠᠬᠤ ᠬᠡᠯᠪᠡᠷᠢ ᠶᠢᠨ ᠭᠠᠯ ᠤᠨ ᠠᠶᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠥᠷᠨᠢᠭᠦᠯᠦᠨ᠂ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠭᠠᠯ ᠰᠡᠷᠭᠡᠶᠢᠯᠡᠬᠦ ᠪᠠᠶᠢᠴᠠᠭᠠᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠭᠠᠮᠰᠢᠭ ᠤᠨ ᠪᠥᠬᠦ ᠶᠠᠪᠤᠴᠠ ᠶᠢ ᠠᠷᠭᠠᠴᠠᠨ  ᠰᠢᠢᠳᠪᠦᠷᠢᠯᠡᠬᠦ ᠶᠢ ᠴᠢᠩᠭᠠᠷᠠᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠰᠠᠭᠤᠷᠢ ᠶᠢ ᠪᠠᠬᠢᠵᠢᠭᠦᠯᠵᠦ᠂ ︽ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ᠂ ᠡᠷᠲᠡ ᠣᠯᠵᠤ ᠮᠡᠳᠡᠬᠦ᠂ ᠪᠠᠭ᠎ᠠ ᠳᠡᠭᠡᠷ᠎ᠡ ᠨᠢ ᠰᠢᠢᠳᠪᠦᠷᠢᠯᠡᠬᠦ︾ ᠶᠢ ᠦᠨᠡᠨᠬᠦ ᠪᠡᠶᠡᠯᠡᠭᠦᠯᠦᠨ᠎ᠡ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ