ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/15
      ᠸᠠᠩ ᡁᠢ ᠫᠢᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ      9 ᠰᠠᠷ᠎ᠠ ᠶᠢᠨ 27 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ 9 ᠰᠠᠷ᠎ᠠ ᠶᠢᠨ 26 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ᠂ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠨᠠᠮᠤᠷ ᠤᠨ ᠬᠤᠷᠢᠶᠠᠯᠲᠠ ᠶᠢ ᠪᠠᠲᠤᠯᠠᠬᠤ᠂ ᠠᠵᠤ ᠦᠢᠯᠡᠳᠪᠦᠷᠢ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠢᠷᠡᠬᠦ ᠵᠢᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠳᠤᠨ ᠭᠤᠣᠯ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢᠨ ᠲᠣᠭᠤᠷᠢᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠤᠷᠭᠠᠨ ᠬᠥᠮᠦᠵᠢᠯ ᠤᠨ ᠬᠦᠷᠢᠶᠡᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠨᠤᠯ ᠤᠨ ᠰᠤᠷᠤᠯᠴᠠᠯᠭ᠎ᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠤᠯᠤᠰ ᠲᠦᠷᠦ ᠶᠢᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠬᠤ ᠬᠡᠷᠡᠭᠲᠡᠢ︔ ᠲᠤᠷᠰᠢᠯᠭ᠎ᠠ ᠠᠷᠭ᠎ᠠ ᠬᠢᠳᠡᠯ ᠢ ᠭᠦᠨᠵᠡᠭᠡᠶ ᠳ᠋ᠦᠩᠨᠡᠵᠦ᠂ ᠬᠠᠮᠢᠶ᠎ᠠ ᠪᠥᠬᠦᠶ ᠲᠦᠷᠢᠮ ᠲᠣᠭᠲᠠᠴᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠬᠤᠶᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠣᠯᠬᠢᠯᠠᠨ ᠰᠤᠷᠤᠯᠴᠠᠵᠤ᠂ ᠦᠨᠡᠨ ᠬᠦ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ︔ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠶᠢᠯᠠᠭᠠᠵᠤ᠂ ᠡᠯ᠎ᠡ ᠬᠦᠷᠢᠶᠡᠨ ᠳᠤ ᠨᠢᠭᠡ ᠪᠦᠯᠦᠭ ᠥᠭᠡᠷᠡᠴᠢᠯᠡᠯᠲᠡ ᠶᠢᠨ ᠵᠦᠢᠯᠡᠰ ᠢ ᠱᠠᠯᠠᠪᠳᠠᠨ ᠭᠠᠷᠭᠠᠬᠤ ᠬᠡᠷᠡᠭᠲᠡᠶ︔ ᠠᠵᠢᠯ ᠢᠶᠠᠷ ᠳᠠᠮᠵᠢᠨ ᠢᠯᠡᠷᠡᠭᠦᠯᠵᠦ᠂ ᠨᠢᠭᠡ ᠨᠢᠭᠡ ᠵᠦᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠢᠭᠡ ᠨᠢᠭᠡ ᠵᠦᠢᠯ ᠢᠶᠠᠷ ᠦᠷ᠎ᠡ ᠪᠦᠲᠦᠭᠡᠯ ᠭᠠᠷᠭᠠᠬᠤ ᠬᠡᠷᠡᠭᠲᠡᠶ ᠭᠡᠵᠦ ᠴᠢᠬᠤᠯᠠᠴᠢᠯᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ