ᠬᠤᠲᠠ ᠶᠢᠨ ᠤᠳᠤᠷᠢᠳᠤᠯᠭ᠎ᠠ ᠭᠦᠸᠧ ᠼᠦᠢ ᠮᠧᠶ ᠶᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/10/15
      9 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠾᠧ ᠯᠢᠶᠠᠨ ᠾᠦᠢ ᠳ᠋ᠧᠩᠺᠸᠦ ᠰᠢᠶᠠᠨ ᠳᠤ ᠬᠦᠷᠴᠦ ︽ᠤᠮᠠᠷᠠᠲᠤ ᠬᠢᠯᠢ ᠶᠢᠨ ᠵᠢᠱᠢᠶᠡᠴᠢ︾ ᠭᠦᠸᠧ ᠼᠦᠢ ᠮᠧᠶ ᠶᠢ ᠪᠣᠯᠭᠤᠭᠠᠨ ᠲᠣᠬᠤᠨᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠢᠴᠢ ᠬᠤᠲᠠ ᠶᠢᠨ ᠨᠠᠮ ᠤᠨ ᠬᠤᠷᠢᠶᠠᠨ ᠤ ᠳᠣᠲᠣᠨᠣ ᠬᠠᠯᠠᠮᠵᠢᠯᠠᠯ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃      ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠰᠡᠳᠬᠢᠯ ᠢ ᠳᠤᠯᠠᠭᠠᠴᠠᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠲᠤ᠂ ᠾᠧ ᠯᠢᠶᠠᠨ ᠾᠦᠢ ᠭᠦᠸᠧ ᠼᠦᠢ ᠮᠧᠢ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠭᠡᠷ ᠪᠦᠯᠢ ᠶᠢᠨ ᠠᠮᠢᠳᠤᠷᠠᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠠᠰᠠᠭᠤᠵᠤ᠂ ᠲᠡᠭᠦᠨ ᠤ ᠡᠷᠬᠢᠮ ᠳᠡᠭᠡᠳᠦ ᠵᠠᠩ ᠴᠢᠨᠠᠷ ᠪᠣᠯᠤᠨ ᠬᠠᠷᠠᠮ ᠦᠭᠡᠢ ᠵᠢᠳᠬᠦᠭᠰᠡᠨ ᠳᠤ ᠴᠢᠩ ᠰᠡᠳᠬᠢᠯ ᠠᠴᠠ ᠪᠠᠨ ᠬᠦᠨᠳᠦᠳᠬᠡᠯ ᠢᠶᠠᠨ ᠳᠡᠪᠰᠢᠭᠦᠯᠵᠦ᠂ ᠲᠡᠭᠦᠨ ᠤ ᠭᠤᠴᠢᠭᠠᠳ ᠵᠢᠯ ᠨᠢᠭᠡ ᠡᠳᠦᠷ ᠤᠭ ᠰᠠᠨᠠᠭ᠎ᠠ ᠪᠠᠨ ᠪᠠᠲᠤ ᠰᠠᠬᠢᠵᠤ ᠶᠠᠳᠠᠭᠤ ᠬᠦᠴᠢᠷᠳᠡᠯᠲᠡᠢ ᠬᠥᠮᠦᠰ ᠢ ᠬᠠᠪᠰᠤᠷᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠡᠢ᠃      ᠾᠧ ᠯᠢᠶᠠᠨ ᠾᠦᠢ ᠵᠢᠭᠠᠵᠤ ᠭᠠᠷᠭᠠᠭᠰᠠᠨ ᠨᠢ᠂ ᠲᠡᠷᠢᠭᠦᠨ ᠤ ᠨᠡᠶᠢᠲᠡᠯᠢᠭ ᠵᠢᠱᠢᠶ᠎ᠡ ᠪᠣᠯ ᠠᠮᠢᠳᠤᠯᠢᠭ ᠢᠳᠡᠪᠬᠢ ᠬᠦᠴᠦᠨ ᠮᠥᠨ᠂ ᠭᠦᠸᠧ ᠼᠦᠢ ᠮᠧᠶ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠬᠤᠲᠠ ᠶᠢ ᠳᠤᠯᠠᠭᠠᠴᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠳᠤ ᠬᠡᠪ ᠳᠠᠭᠤᠷᠢᠶᠠᠯ ᠪᠣᠯᠵᠣ᠂ ᠪᠥᠬᠦ ᠨᠡᠶᠢᠭᠡᠮ ᠤᠨ ᠰᠤᠷᠤᠯᠴᠠᠬᠤ ᠥᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃ ︽ᠤᠮᠠᠷᠠᠲᠤ ᠬᠢᠯᠢ ᠶᠢᠨ ᠵᠢᠱᠢᠶᠡᠴᠢ︾ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠨᠡᠶᠢᠭᠡᠮ ᠳᠠᠶᠠᠭᠠᠷ ᠲᠤ ᠵᠢᠱᠢᠶᠡᠴᠢ ᠶᠢ ᠡᠷᠬᠢᠮᠯᠡᠬᠦ᠂ ᠵᠢᠱᠢᠶᠡᠴᠢ ᠠᠴᠠ ᠰᠤᠷᠤᠯᠴᠠᠬᠤ᠂ ᠵᠢᠱᠢᠶᠡᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ