ᠪᠦᠬᠦ ᠬᠤᠲᠠ ᠶᠢᠨ ᠪᠡᠶ᠎ᠡ ᠲᠠᠮᠢᠷ ᠤᠨ ᠰᠢᠰᠲ᠋ᠧᠮ ᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/10/15
      9 ᠰᠠᠷ᠎ᠠ ᠶᠢᠨ 29 ᠤ ᠡᠳᠦᠷ᠂ ᠪᠥᠬᠦ ᠬᠤᠲᠠ ᠶᠢᠨ ᠪᠡᠶ᠎ᠡ ᠶᠢᠨ ᠲᠠᠮᠢᠷ ᠤᠨ ᠰᠢᠰᠲ᠋ᠧᠮ ᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠠᠪᠤᠭᠳᠠᠪᠠ᠃      ᠦᠳᠡ ᠶᠢᠨ ᠡᠮᠦᠨᠡᠬᠢ 9 ᠴᠠᠭ ᠲᠤ᠂ ᠴᠤᠤᠶᠠᠩ ᠢ ᠤᠭᠲᠤᠬᠤ ᠳᠤ᠂ ᠲᠤᠭ ᠮᠠᠨᠳᠤᠭᠤᠯᠬᠤ ᠶᠣᠰᠣᠯᠠᠯ ᠵᠢᠩᠬᠢᠨᠢ ᠪᠠᠷ ᠡᠬᠢᠯᠡᠪᠡ᠃ ᠲᠤᠭ ᠬᠠᠮᠠᠭᠠᠯᠠᠭᠴᠢ ᠢᠳᠡᠷᠡᠭᠦᠨ ᠠᠯᠬᠤᠭ᠎ᠠ ᠪᠠᠷ ᠤᠯᠤᠰ ᠤᠨ ᠲᠤᠭ ᠢ ᠬᠠᠮᠠᠭᠠᠯᠠᠨ ᠲᠤᠭ ᠮᠠᠨᠳᠤᠭᠤᠯᠬᠤ ᠲᠠᠶᠢᠰᠠᠨ ᠳᠤ ᠬᠦᠷᠴᠦ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ᠂ ᠬᠤᠷᠴᠠ ᠰᠣᠷᠭᠤᠭ ᠲᠠᠪᠤᠨ ᠣᠳᠣᠲᠤ ᠤᠯᠠᠭᠠᠨ ᠲᠤᠭ ᠠᠯᠭᠤᠷᠬᠠᠨ ᠢᠶᠠᠷ ᠮᠠᠨᠳᠤᠵᠤ᠂ ᠲᠠᠯᠠᠪᠠᠢ ᠳᠠᠶᠠᠭᠠᠷ ᠢᠶᠠᠨ ᠴᠤᠭ ᠵᠢᠪᠬᠤᠭ᠎ᠠ ᠲᠡᠭᠦᠯᠳᠡᠷ᠂ ᠲᠥᠪ ᠬᠢᠴᠢᠶᠡᠩᠭᠦᠢ ᠪᠠᠷ ᠵᠣᠭᠰᠣᠵᠤ᠂ ᠲᠠᠪᠤᠨ ᠣᠳᠣᠲᠤ ᠤᠯᠠᠭᠠᠨ ᠲᠤᠭ ᠲᠤ ᠰᠢᠷᠳᠡᠬᠦ ᠶᠣᠰᠣ ᠬᠢᠵᠦ᠂ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠡᠬᠡ ᠤᠯᠤᠰ ᠲᠠᠭᠠᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠭᠰᠠᠨ ᠺᠠᠳ᠋ᠷ ᠠᠵᠢᠯᠲᠠᠨ ᠠᠵᠢᠯᠴᠢᠨ ᠢᠯᠡᠷᠭᠡᠶᠢᠯᠡᠵᠡᠭᠡᠭᠰᠡᠨ ᠨᠢ᠂ ᠢᠮᠠᠭᠲᠠ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠡᠪᠦᠷᠯᠡᠵᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠡᠬᠦᠳᠡᠭ ᠳᠦᠭᠦᠷᠡᠩ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠬᠡᠵᠡᠢ᠃      ᠳᠠᠷᠠᠭ᠎ᠠ ᠨᠢ᠂ ᠲᠣᠮᠣ ᠬᠡᠯᠪᠡᠷᠢ ᠶᠢᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠵᠦ᠂ ᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠪᠠᠭᠰᠢ ᠰᠤᠷᠤᠭᠴᠢᠳ ︽ᠲᠠᠯᠠᠨ ᠲᠠᠪᠤᠨ ᠰᠤᠷᠤᠭᠴᠢ᠂ ᠪᠠᠭᠠᠴᠤᠳ ᠳᠤᠮᠳᠠᠳᠤ ᠶᠢᠨ ᠵᠢᠷᠤᠭ ᠢ ᠬᠠᠮᠲᠤ ᠪᠠᠷ ᠪᠢᠴᠢᠭᠯᠡᠬᠦ ᠶᠢ ᠤᠶᠠᠩᠭᠠᠯᠠᠵᠤ᠂ ᠪᠥᠬᠦ ᠬᠥᠮᠦᠰ ︽ᠪᠢ ᠡᠬᠡ ᠤᠯᠤᠰ ᠲᠠᠢ ᠪᠠᠨ︾ ᠭᠡᠬᠦ ᠳᠠᠭᠤᠤ ᠶᠢ ᠬᠠᠮᠲᠤ ᠪᠠᠷ ᠳᠠᠭᠤᠯᠠᠵᠤ᠂ ᠲᠤᠬᠠᠶ ᠶᠢᠨ ᠲᠠᠯᠠᠪᠠᠶ ᠳᠤ ᠬᠠᠩᠭᠢᠨᠠᠮ᠎ᠠ ᠰᠠᠶᠢᠬᠠᠨ ᠳᠠᠭᠤᠤ ᠬᠠᠩᠭᠢᠨᠠᠲᠠᠯ᠎ᠠ ᠳᠠᠭᠤᠯᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ