ᠮᠠᠨ ᠤ ᠬᠤᠲᠠ ᠶᠢᠨ 1 ᠬᠠᠮᠲᠤ ᠨᠡᠶᠢᠲᠡ 2 ᠬᠤᠪᠢ ᠬᠥᠮᠦᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠥᠬᠢᠭᠦᠯᠦᠯ ᠢ ᠬᠦᠷᠲᠡᠪᠡ
ᠨᠡᠶᠢᠲᠡᠯᠡᠭᠰᠡᠨ ᠴᠠᠭ᠄
2024/10/15
      9 ᠰᠠᠷ᠎ᠠ ᠶᠢᠨ 27 ᠤ ᠡᠳᠦᠷ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠯᠢᠨ ᠾᠧ ᠲᠣᠭᠤᠷᠢᠭ ᠤᠨ ᠤᠯᠤᠰ ᠤᠨ ᠰᠠᠩ ᠤᠨ ᠰᠢᠨᠬᠤᠸᠠ ᠣᠶ ᠰᠢᠭᠤᠶ ᠶᠢᠨ ᠲᠠᠯᠠᠪᠠᠶ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠶᠢᠨ ᠬᠥᠬᠢᠭᠦᠯᠦᠯ ᠢ ᠭᠥᠷᠳᠡᠵᠦ᠂ ᠤᠷᠠᠳ ᠤᠨ ᠬᠤᠶᠢᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠤᠬᠠᠦ᠋ᠨᠳᠦᠷ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠣᠭᠤᠳᠤᠭᠴᠢ ᠪᠤᠶᠠᠨᠳᠡᠯᠭᠡᠷ᠂ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠠᠩᠭᠢ ᠶᠢᠨ ᠪᠠᠶᠠᠨᠨᠠᠭᠤᠷ ᠤᠨ ᠰᠠᠯᠪᠤᠷᠢ ᠠᠩᠭᠢ ᠶᠢᠨ ᠵᠢᠵᠢᠭᠦᠷᠯᠡᠬᠦ ᠨᠢᠭᠡᠳᠦᠭᠡᠷ ᠶᠡᠭᠡ ᠠᠩᠭᠢ ᠶᠢᠨ ᠳᠠᠷᠤᠭ᠎ᠠ ᠪᠦᠬᠡᠲᠡᠮᠦᠷ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ ᠤ ᠬᠥᠬᠢᠭᠦᠯᠦᠯ ᠢ ᠭᠥᠷᠳᠡᠪᠡ᠃      ᠡᠨᠡ ᠵᠢᠯ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠪᠠᠷ ᠲᠣᠭᠲᠠᠵᠤ᠂ ᠣᠶᠢᠷ᠎ᠠ ᠶᠢᠨ ᠵᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ ᠬᠠᠮᠲᠤ ᠨᠡᠶᠢᠲᠡ ᠪᠠ ᠵᠢᠱᠢᠶᠡᠴᠢ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ ᠱᠠᠲᠤ ᠱᠠᠲᠤ ᠪᠠᠷ ᠭᠤᠶᠤᠴᠢᠯᠠᠨ ᠮᠡᠳᠡᠭᠦᠯᠵᠦ ᠂ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠬᠦ ᠪᠠᠷ ᠳᠡᠮᠵᠢᠨ᠂ ᠡᠴᠦᠰ ᠲᠡᠭᠡᠨ ᠪᠥᠬᠦ ᠤᠯᠤᠰ ᠤᠨ 352 ᠬᠠᠮᠲᠤ ᠨᠡᠶᠢᠲᠡ᠂ 368 ᠬᠥᠮᠦᠨ ᠢ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠪᠠ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ ᠢᠶᠠᠷ ᠲᠣᠭᠲᠠᠭᠠᠪᠠ᠃      ᠣᠶᠢᠯᠠᠭᠠᠭᠰᠠᠨ ᠢᠶᠠᠷ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠡᠷ᠎ᠡ ᠪᠠᠷ ᠡᠨᠡ ᠬᠦ ᠬᠥᠬᠢᠭᠦᠯᠦᠯ ᠢ ᠥᠷᠨᠢᠭᠦᠯᠦᠭᠰᠡᠨ ᠨᠢ ᠨᠠᠮ ᠪᠠ ᠤᠯᠤᠰ ᠤᠨ ᠲᠡᠤᠬᠡᠨ ᠳᠡᠭᠡᠷ᠎ᠡ ᠠᠩᠬᠠᠳᠤᠭᠠᠷ ᠤᠳᠠᠭ᠎ᠠ ᠮᠥᠨ᠂ ᠡᠨᠡ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠳᠠᠭᠠᠭᠤᠯᠵᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠳᠡᠭᠡᠳᠦ ᠬᠡᠮᠵᠢᠶᠡᠨ ᠤ ᠮᠡᠳᠡᠷᠡᠮᠵᠢ ᠶᠢ ᠪᠠᠲᠤᠳᠬᠠᠵᠤ᠂ ᠰᠢᠨ᠎ᠡ ᠠᠶᠠᠨ ᠵᠠᠮ ᠳᠤ ᠪᠦᠯᠬᠦᠮᠳᠡᠨ ᠲᠡᠮᠡᠴᠡᠵᠦ᠂ ᠰᠢᠨ᠎ᠡ ᠴᠠᠭ ᠦᠶ᠎ᠡ ᠳᠤ ᠢᠳᠡᠪᠬᠢᠲᠡᠶ ᠪᠠᠷ ᠭᠠᠪᠢᠶ᠎ᠠ ᠪᠠᠶᠢᠭᠤᠯᠬᠤ ᠪᠠᠷ ᠵᠣᠷᠢᠯᠭ᠎ᠠ ᠪᠠᠨ ᠪᠣᠯᠭᠠᠭᠰᠠᠨ ᠶᠤᠮ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ