ᠸᠠᠩ ᡁᠢ ᠫᠢᠩ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/15
      9 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠬᠤᠰᠢᠭᠤ ᠰᠢᠶᠠᠨ ᠲᠣᠭᠤᠷᠢᠭ ᠲᠤ ᠬᠦᠷᠴᠦ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ᠸᠠᠩ ᡁᠢ ᠫᠢᠩ ᠤᠷᠢᠳ ᠬᠤᠵᠢᠳ ᠤᠷᠠᠳ ᠤᠨ ᠬᠤᠶᠢᠲᠤ ᠬᠤᠰᠢᠭᠤᠨ ᠤ ᠽᠢ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠪᠠᠭᠲᠠᠭᠠᠮᠵᠢ ᠶᠢ ᠨᠡᠮᠡᠭᠳᠡᠭᠦᠯᠬᠦ ᠲᠥᠷᠥᠯ ᠵᠦᠢᠯ ᠤᠨ ᠲᠣᠭᠤᠷᠢᠭ᠂ ᠬᠠᠩᠭᠢᠨ ᠬᠤᠶᠢᠲᠤ ᠬᠤᠰᠢᠭᠤᠨ ᠤ ᠢᠦᠶ ᠯᠦᠩ ᠴᠧᠩ ᠵᠢᠵᠢᠭ ᠲᠣᠭᠤᠷᠢᠭ ᠤᠨ ᠢᠯᠴᠢ ᠰᠣᠯᠢᠬᠤ ᠥᠷᠲᠡᠭᠡ ᠳᠤ ᠬᠦᠷᠴᠦ᠂ ᠢᠯᠴᠢ ᠶᠢᠨ ᠢᠷᠡᠯᠲᠡ ᠶᠢᠨ ᠪᠠᠲᠤᠯᠠᠭ᠎ᠠ᠂ ᠢᠯᠴᠢ ᠶᠢᠨ ᠲᠣᠤᠷ ᠤᠨ ᠰᠢᠨᠡᠴᠢᠯᠡᠯᠲᠡ᠂ ᠢᠯᠴᠢ ᠶᠢᠨ ᠬᠦᠴᠦᠨ ᠤ ᠥᠷᠲᠡᠭᠡ ᠶᠢᠨ ᠲᠠᠰ ᠳᠡᠪᠰᠢᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠨᠡᠭᠦᠷᠡᠰᠦᠨ ᠤ ᠨᠥᠭᠡᠴᠡ᠂ ᠳᠤᠯᠠᠭᠠᠯᠠᠭ᠎ᠠ ᠶᠢᠨ ᠦᠨ᠎ᠡ ᠬᠠᠩᠰᠢ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠢᠯᠴᠢ ᠶᠢᠨ ᠢᠷᠡᠯᠲᠡ ᠶᠢᠨ  ᠭᠦᠢᠴᠡᠳ ᠬᠠᠩᠭᠠᠯᠭ᠎ᠠ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠯᠢᠨ ᠾᠧ ᠲᠣᠭᠤᠷᠢᠭ ᠤᠨ ᠭᠠᠨᠵᠤᠤᠷ ᠰᠦᠮ᠎ᠡ ᠪᠠᠯᠭᠠᠰᠤᠨ ᠤ ᠮᠢᠨ ᠵᠦ ᠲᠣᠰᠬᠤᠨ ᠤ ᠨᠠᠢᠮᠠᠳᠤᠭᠠᠷ ᠳᠤᠭᠤᠶᠢᠯᠠᠩ ᠳᠤ᠂ ᠸᠠᠩ ᡁᠢ ᠫᠢᠩ ᠲᠣᠰᠬᠤᠨ ᠤ ᠠᠷᠠᠳ ᠤᠨ ᠬᠡᠷ ᠲᠤ ᠬᠦᠷᠴᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠳᠤᠯᠠᠭᠠᠯᠠᠭ᠎ᠠ ᠶᠢᠨ ᠲᠥᠬᠦᠭᠡᠷᠦᠮᠵᠢ ᠶᠢ ᠤᠭᠰᠠᠷᠠᠭᠰᠠᠨ᠂ ᠠᠵᠢᠯᠯᠠᠭᠠᠨ ᠤ ᠵᠠᠷᠤᠳᠠᠯ᠂ ᠲᠥᠷᠥ ᠶᠢᠨ ᠪᠣᠳᠣᠯᠭ᠎ᠠ ᠶᠢ ᠭᠥᠷᠳᠡᠭᠰᠡᠨ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠢ ᠣᠯᠠᠨ ᠲᠦᠮᠡᠨ ᠤ ᠪᠣᠳᠠᠲᠠᠶ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠣᠯᠠᠨ ᠲᠦᠮᠡᠨ ᠤ ᠬᠡᠷ ᠪᠠᠶᠢᠰᠢᠩ ᠢ ᠨᠠᠩ ᠳᠤᠯᠠᠭᠠᠴᠠᠭᠤᠯᠬᠤ ᠬᠡᠷᠡᠭᠲᠡᠶ ᠭᠡᠵᠦ ᠵᠠᠬᠢᠪᠠ᠃ ᠯᠢᠨ ᠾᠧ ᠲᠣᠭᠤᠷᠢᠭ ᠤᠨ ᠲᠡᠮᠦᠷᠯᠢᠭ ᠤᠨ ᠪᠠᠭ᠎ᠠ ᠲᠣᠭᠤᠷᠢᠭ ᠲᠤ᠂ ᠸᠠᠩ ᡁᠢ ᠫᠢᠩ ᠪᠠᠴᠢᠮ ᠪᠠᠶᠢᠳᠠᠯ ᠢ ᠠᠷᠭᠠᠴᠠᠬᠤ ᠨᠡᠭᠦᠳᠡᠯ ᠢᠯᠴᠢ ᠶᠢᠨ ᠢᠷᠡᠯᠲᠡ ᠶᠢᠨ ᠲᠡᠷᠭᠡᠨ ᠤ ᠪᠡᠯᠡᠳᠬᠡᠯ ᠲᠣᠭᠯᠠᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠠᠭᠤᠭᠠᠯᠢ ᠠᠷᠠᠳ ᠤᠨ ᠭᠡᠷ ᠲᠤ ᠬᠦᠷᠴᠦ᠂ ᠬᠡᠷᠡᠭᠯᠡᠭᠴᠢ ᠶᠢᠨ ᠦᠵᠦᠭᠦᠷ ᠤᠨ ᠥᠭᠡᠷᠡᠴᠢᠯᠡᠯᠲᠡ᠂ ᠰᠦᠯᠵᠢᠶᠡᠨ ᠳᠡᠭᠡᠷᠡᠬᠢ ᠳᠤᠯᠠᠭᠠᠨ ᠤ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠭᠰᠠᠨ ᠵᠡᠷᠭᠡ ᠪᠠᠶᠢᠳᠠᠯ ᠢ ᠣᠶᠢᠯᠠᠭᠠᠵᠤ᠂ ᠤᠯᠠᠨ ᠲᠦᠮᠡᠨ ᠤ ᠳᠤᠯᠠᠭᠠᠯᠠᠭ᠎ᠠ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃      ᠸᠠᠩ ᡁᠢ ᠫᠢᠩ ᠴᠢᠬᠤᠯᠠᠴᠢᠯᠠᠬᠤ ᠳᠤ ᠪᠠᠨ᠂ ᠬᠠᠯᠠᠭᠤᠨ ᠳᠤᠯᠠᠭᠠᠨ ᠢᠨᠵᠧᠨᠧᠷᠢᠩ ᠪᠣᠯ ᠲᠦᠭ ᠲᠦᠮᠡᠨ ᠠᠶᠢᠯ ᠡᠷᠦᠬᠡ᠂ ᠠᠷᠠᠳ ᠣᠯᠠᠨ ᠤ ᠬᠠᠯᠠᠭᠤᠨ ᠳᠤᠯᠠᠭᠠᠨ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃  ᠳᠤᠯᠠᠭᠠᠯᠠᠭ᠎ᠠ ᠶᠢᠨ ᠬᠤᠭᠤᠴᠠᠭ᠎ᠠ ᠪᠣᠯᠬᠤ ᠭᠡᠵᠦ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠥᠭᠡᠷᠡᠴᠢᠯᠡᠬᠦ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠳᠤ  ᠳᠤᠯᠠᠭᠠᠯᠠᠭ᠎ᠠ ᠶᠢᠨ ᠰᠢᠨ᠎ᠡ ᠤᠯᠠᠷᠢᠯ ᠳᠤ  ᠳᠤᠯᠠᠭᠠᠯᠠᠭ᠎ᠠ ᠶᠢᠨ ᠢᠨᠵᠧᠨᠧᠷᠢᠩ ᠤᠨ ᠠᠪᠴᠢᠷᠠᠭᠰᠠᠨ ᠦᠨᠡᠨ ᠪᠣᠳᠠᠲᠠᠶ ᠬᠤᠪᠢᠷᠠᠯᠲᠠ ᠶᠢ ᠦᠨᠡᠨ ᠬᠦ ᠮᠡᠳᠡᠷᠡᠭᠦᠯᠬᠦ ᠬᠡᠷᠡᠭᠲᠡᠶ ᠃ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠠᠬᠢᠯᠭᠠᠨ ᠬᠡᠷᠡᠭᠯᠡᠬᠦ ᠶᠢ ᠵᠥᠷᠢᠭᠦᠯᠬᠦ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ︾ ᠲᠥᠬᠦᠭᠡᠷᠦᠮᠵᠢ ᠶᠢᠨ ᠰᠦᠯᠵᠢᠶᠡᠨ ᠤ ᠠᠵᠢᠯᠲᠠᠨ ᠬᠠᠮᠢᠶᠠᠷᠤᠨ ᠬᠠᠮᠠᠭᠠᠯᠠᠬᠤ᠂ ᠬᠤᠶᠠᠷ ᠢ ᠲᠣᠭᠲᠠᠭᠠᠨ ᠥᠭᠡᠷᠡᠴᠢᠯᠡᠬᠦ ᠵᠡᠷᠭᠡ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠢᠳᠡᠪᠬᠢᠲᠡᠶ ᠪᠠᠷ ᠰᠦᠪᠡᠭᠴᠢᠯᠡᠨ ᠬᠡᠷᠡᠭᠵᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠳᠤᠯᠠᠭᠠᠨ ᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠦᠢᠯᠡᠴᠢᠯᠡᠭᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠳᠤᠯᠠᠭᠠᠯᠠᠭ᠎ᠠ ᠬᠠᠩᠭᠠᠬᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠲᠥᠬᠦᠭᠡᠷᠦᠮᠵᠢ ᠶᠢ ᠲᠤᠬᠢᠷᠠᠭᠤᠯᠤᠨ ᠲᠤᠷᠰᠢᠬᠤ᠂ ᠬᠤᠭᠤᠯᠠᠢ ᠲᠣᠣᠷ ᠢ ᠪᠠᠶᠢᠴᠠᠭᠠᠨ ᠵᠠᠰᠠᠬᠤ ᠵᠡᠷᠭᠡ ᠠᠵᠢᠯ ᠢ ᠰᠠᠶᠢᠲᠤᠷ ᠬᠢᠵᠦ᠂ ᠠᠰᠠᠭᠤᠳᠠᠯ ᠤᠨ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠦᠨ ᠠᠷᠢᠯᠭᠠᠵᠤ᠂ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃      ᠬᠤᠳᠠ ᠶᠢᠨ ᠤᠳᠤᠷᠢᠳᠤᠯᠭ᠎ᠠ ᠫᠧᠩ ᠢᠦᠢ ᠲᠠᠩ ᠣᠷᠣᠯᠴᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ