ᠡᠨᠡ ᠵᠢᠯ ᠠᠴᠠ ᠨᠠᠰᠢ᠂ ᠮᠠᠨ ᠤ ᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ | ᠶᠢ ᠶᠡᠬᠡᠪᠡᠷ ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠢ ᠠᠵᠢᠯ ᠶᠠᠪᠤᠳᠠᠯ ᠭᠦᠢᠴᠡᠳᠬᠡᠬᠦ ᠳᠤ ᠳᠠᠬᠢᠵᠤ ︽ᠬᠤᠶᠠᠷ ᠲᠠᠯ᠎ᠠ ᠶᠢ ᠭᠦᠶᠦᠯᠭᠡᠬᠦ︾ | ᠦᠭᠡᠢ ᠪᠣᠯᠭᠠᠪᠠ᠃ | ᠮᠠᠨ ᠤ ᠬᠤᠲᠠ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠰᠦᠯᠵᠢᠶᠡᠨ ᠭᠠᠳᠠᠨᠠᠬᠢ ︽ᠣᠷᠣᠨ ᠪᠦᠰᠡ ᠠᠯᠤᠰᠯᠠᠨ | ᠨᠡᠶᠢᠳᠡᠮ ᠭᠦᠢᠴᠡᠳᠭᠡᠬᠦ︾ ᠶᠡᠷᠦᠩᠬᠡᠶᠢᠯᠡᠭᠰᠡᠨ ᠴᠣᠩᠬᠤᠪᠴᠢ ᠭᠠᠷᠭᠠᠵᠤ᠂ 275 ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠵᠦᠢᠯᠡᠰ᠂ 156 ︽ᠪᠥᠬᠦ | ᠣᠷᠣᠨ ᠳᠤ ᠨᠡᠶᠢᠳᠡᠮ ᠭᠦᠢᠴᠡᠳᠭᠡᠬᠦ︾ ᠵᠦᠢᠯᠡᠰ ᠢ ᠪᠦᠬᠦᠨ ᠢ ᠶᠡᠷᠦᠩᠬᠡᠶᠢᠯᠡᠭᠰᠡᠨ ᠴᠣᠩᠬᠤᠪᠴᠢ ᠳᠤ ᠣᠷᠣᠭᠤᠯᠵᠤ᠂ ᠲᠤᠰᠬᠠᠶ ᠬᠥᠮᠦᠨ ᠳᠤ ᠡᠷᠬᠡ ᠣᠯᠭᠤᠵᠤ | ᠬᠠᠮᠲᠤᠷᠠᠨ ᠭᠦᠢᠴᠡᠳᠭᠡᠬᠦ ᠵᠦᠢᠯᠡᠰ ᠤᠨ ᠠᠰᠠᠭᠤᠨ ᠯᠠᠪᠯᠠᠬᠤ᠂ ᠪᠢᠴᠢᠭ ᠮᠠᠲ᠋ᠧᠷᠢᠶᠠᠯ ᠢ ᠭᠥᠯᠢᠶᠡᠨ ᠠᠪᠬᠤ᠂ ᠬᠢᠨᠠᠨ ᠪᠠᠶᠢᠴᠠᠭᠠᠬᠤ᠂ ᠦᠷ᠎ᠡ ᠳ᠋ᠦᠩ ᠢ ᠬᠠᠷᠢᠭᠤᠴᠠᠨ | ᠬᠦᠷᠭᠡᠵᠦ᠂ ︽ᠣᠨᠳᠣᠤ ᠭᠠᠵᠠᠷ ᠲᠤ ᠭᠦᠢᠴᠡᠳᠭᠡᠵᠦ ᠪᠣᠯᠬᠤ᠂ ᠣᠶᠢᠷ᠎ᠠ ᠬᠠᠪᠢ ᠳᠤ ᠭᠦᠢᠴᠡᠳᠭᠡᠵᠦ ᠪᠣᠯᠬᠤ᠂ ᠨᠢᠭᠡ ᠯᠡ ᠤᠳᠠᠭ᠎ᠠ ᠳᠤ ᠭᠦᠢᠴᠡᠳᠭᠡᠬᠦ︾ ᠶᠢ | ᠪᠡᠶᠡᠯᠡᠭᠦᠯᠪᠡ᠃ ᠡᠨᠡ ᠵᠢᠯ ᠠᠴᠠ ᠨᠠᠰᠢ᠂ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠬᠤᠲᠠ ᠶᠢᠨ ᠲᠤᠭ᠎ᠠ 77 ᠬᠦᠷᠲᠡᠯ᠎ᠡ ᠥᠷᠭᠡᠳᠴᠦ᠂ ︽ | ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠨᠡᠶᠢᠲᠡ 5.7 ᠲᠦᠮᠡᠨ ᠬᠤᠪᠢ ᠭᠦᠢᠴᠡᠳᠬᠡᠪᠡ᠃ ᠡᠭᠦᠨ ᠤ ᠬᠠᠮᠲᠤ᠂ ᠥᠯᠥ | ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠡᠮᠴᠢᠯᠡᠭᠡᠨ ᠤ ᠳᠠᠭᠠᠳᠬᠠᠯ᠂ ᠨᠡᠶᠢᠭᠡᠮ ᠤᠨ ᠪᠠᠲᠤᠯᠠᠭ᠎ᠠ ᠵᠡᠷᠭᠡ ᠥᠨᠳᠥᠷ ᠳᠠᠪᠲᠠᠮᠵᠢᠲᠤ ᠵᠦᠢᠯᠡᠰ ᠢ ᠣᠷᠣᠨ ᠪᠦᠰᠡ | ᠠᠯᠤᠰᠯᠠᠨ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠲᠣᠭᠠᠴᠢᠯᠠᠭᠰᠠᠨ ᠬᠡᠷᠡᠭᠯᠡᠭᠡᠨ ᠤ | ᠲᠠᠯᠠᠪᠤᠷ ᠢ ᠲᠠᠰᠤᠷᠠᠯᠲᠠ ᠥᠬᠡᠶ ᠲᠠᠰ ᠳᠡᠪᠰᠢᠭᠦᠯᠦᠨ ᠥᠷᠭᠡᠳᠬᠡᠵᠦ᠂ ᠣᠯᠠᠨ ᠲᠦᠮᠡᠨ ᠳᠤ ︽ᠣᠨᠳᠣᠤ ᠭᠠᠵᠠᠷ ᠲᠤ ᠠᠳᠠᠯᠢ ᠬᠤᠲᠠ︾ ᠶᠢᠨ ᠦᠢᠯᠡᠴᠢᠯᠡᠭᠡ ᠶᠢ | ᠨᠠᠩ ᠰᠠᠶᠢᠲᠤᠷ ᠬᠠᠩᠭᠠᠨ᠎ᠠ᠃ ᠣᠳᠣᠬᠠᠨ ᠳᠤ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠠᠵᠢᠯ ᠶᠠᠪᠤᠳᠠᠯ | ᠭᠦᠢᠴᠡᠳᠭᠡᠬᠦ ᠵᠦᠢᠯ ᠤᠨ ᠪᠦᠷᠬᠦᠴᠡ ᠶᠢᠨ ᠨᠣᠷᠮ᠎ᠠ 99.64% ᠬᠦᠷᠴᠦ᠂ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠬᠦ ᠵᠦᠢᠯᠡᠰ ᠤᠨ ᠪᠦᠷᠬᠦᠴᠡ ᠶᠢᠨ | ᠨᠣᠷᠮ᠎ᠠ 97.21% ᠳᠤ ᠬᠦᠷᠴᠦ᠂ 676 ᠵᠦᠢᠯᠡᠰ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ︽ᠦᠨᠡᠮᠯᠡᠯ ᠠᠴᠠ ᠬᠡᠯᠲᠦᠷᠢᠭᠦᠯᠵᠦ | ᠭᠦᠢᠴᠡᠳᠭᠡᠬᠦ︾ ᠵᠦᠢᠯᠡᠰ 832 ᠪᠣᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 413 ᠵᠦᠢᠯᠡᠰ ᠢ ᠠᠯᠠᠭᠠᠨ ᠳᠡᠭᠡᠷ᠎ᠡ ᠪᠠᠶᠢᠴᠠᠭᠠᠨ ᠰᠢᠢᠳᠪᠦᠷᠢᠯᠡᠵᠦ | ᠪᠣᠯᠬᠤ ᠶᠢ ᠪᠡᠶᠡᠯᠡᠭᠦᠯᠪᠡ᠃ | |