ᠥᠪᠡᠷᠲᠡᠭᠡᠨ ᠵᠠᠰᠠᠬᠤ ᠣᠷᠣᠨ ᠨᠡᠶᠢᠲᠡ 2.5 ᠳ᠋ᠦᠩᠰᠢᠭᠤᠷ ᠲᠥᠭᠦᠷᠢᠭ ᠤᠨ ᠲᠤᠰᠬᠠᠶ ᠪᠠᠯᠠ ᠮᠥᠩᠭᠦ ᠣᠷᠣᠭᠤᠯᠵᠤ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠥᠨᠳᠥᠷ ᠣᠷᠣᠨ ᠤ ᠪᠥᠲᠥᠭᠡᠨ ᠪᠠᠶᠢᠭᠤᠯᠤᠯᠲᠠ ᠶᠢ ᠳᠡᠮᠵᠢᠪᠡ
ᠨᠡᠶᠢᠲᠡᠯᠡᠭᠰᠡᠨ ᠴᠠᠭ᠄
2024/10/15
      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 5 ᠵᠢᠯ ᠳᠠᠷᠠᠭᠠᠯᠠᠨ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠥᠨᠳᠥᠷ ᠣᠷᠣᠨ ᠳᠤ 5000 ᠲᠦᠮᠡᠨ ᠲᠥᠭᠦᠷᠢᠭ ᠤᠨ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠡᠨᠡ ᠵᠢᠯ ᠤᠨ ᠲᠤᠰᠬᠠᠶ ᠪᠠᠯᠠ ᠮᠥᠩᠭᠦ ᠶᠢ ᠪᠠᠭᠤᠯᠭᠠᠭᠰᠠᠨ ᠤ ᠳᠠᠷᠠᠭ᠎ᠠ᠂ ᠨᠡᠶᠢᠲᠡ 2.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃ ᠭᠤᠣᠯᠳᠠᠯᠭ᠎ᠠ ᠲᠠᠢ ᠲᠤᠰᠬᠠᠢ ᠲᠥᠷᠥᠯ ᠢᠶᠠᠷ ᠬᠡᠷᠡᠭᠵᠢᠭᠦᠯᠬᠦ ᠪᠠᠷ ᠳᠠᠮᠵᠢᠭᠤᠯᠤᠨ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠥᠨᠳᠥᠷ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠦᠷ᠎ᠡ ᠪᠦᠲᠦᠭᠡᠯ ᠢ ᠬᠤᠪᠢᠷᠠᠭᠤᠯᠬᠤ ᠬᠢᠷᠢ ᠲᠦᠪᠰᠢᠨ ᠵᠢᠯ ᠳᠠᠷᠠᠭᠠᠯᠠᠨ ᠳᠡᠭᠡᠭᠰᠢᠯᠡᠪᠡ᠃      ᠡᠨᠡ ᠵᠢᠯ ᠠᠴᠠ ᠨᠠᠰᠢ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠠᠯᠠᠰᠢᠨ ᠬᠤᠨᠢᠨ ᠤ ᠠᠵᠤ ᠦᠢᠯᠡᠰ᠂ ᠲᠠᠷᠢᠶᠠᠨ ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠬᠦ᠂ ᠣᠨᠴᠠᠯᠢᠭᠲᠤ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ᠂ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠬᠡᠷᠡᠭᠯᠡᠬᠦ ᠬᠦᠷᠢᠶ᠎ᠡ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠨᠡᠶᠢᠲᠡ 7 ᠭᠤᠣᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 8300 ᠲᠦᠮᠡᠨ ᠲᠥᠭᠦᠷᠢᠭ ᠪᠠᠶᠢᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ 5000 ᠲᠦᠮᠡᠨ ᠲᠥᠭᠦᠷᠢᠭ ᠤᠨ ᠪᠡᠯᠡ ᠮᠥᠩᠭᠦ᠂ ᠠᠵᠤ ᠠᠬᠤᠶᠢᠯᠠᠯ ᠤᠨ ᠢᠵᠢ ᠪᠦᠷᠢᠳᠦᠭᠦᠯᠬᠦ ᠪᠡᠯᠡ ᠮᠥᠩᠭᠦ 3300 ᠲᠦᠮᠡᠨ ᠲᠥᠭᠦᠷᠢᠭ ᠣᠷᠣᠭᠤᠯᠪᠠ᠃      ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠲᠣᠭᠤᠷᠢᠭ ᠨᠢ ᠡᠨᠡ ᠵᠢᠯ ᠬᠤᠸᠠ ᠮᠧᠩ ᠠᠯᠠᠰᠢᠨ ᠬᠤᠨᠢᠨ ᠤ ᠭᠤᠣᠯ ᠡᠭᠦᠯᠳᠡᠷ ᠤᠨ ᠰᠦᠷᠦᠭᠵᠢᠯ ᠢ ᠥᠷᠭᠡᠳᠬᠡᠨ ᠦᠷᠡᠵᠢᠭᠦᠯᠬᠦ᠂ ᠥᠨᠳᠥᠷ ᠨᠡᠮᠡᠯᠲᠡ ᠦᠷᠳᠡᠭ ᠲᠠᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ᠂ ᠣᠶᠤᠨᠴᠢ ᠲᠠᠷᠢᠶᠠᠯᠠᠩ ᠤᠨ ᠲᠠᠯᠠᠪᠠᠢ ᠶᠢ ᠪᠠᠶᠢᠭᠤᠯᠬᠤ᠂ ᠣᠨᠴᠠᠯᠢᠭᠲᠤ ᠵᠢᠮᠢᠰ ᠢᠳᠡᠰᠢᠨ ᠨᠣᠭᠤᠭ᠎ᠠ ᠶᠢᠨ ᠲᠦᠷᠦᠯ ᠵᠦᠢᠯ ᠢ ᠴᠡᠪᠡᠷᠰᠢᠭᠦᠯᠬᠦ᠂ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠵᠢᠴᠢ ᠨᠠᠷᠢᠯᠢᠭ ᠡᠳ᠋ᠰᠢᠭᠦᠯᠬᠦ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤᠨ ᠤ ᠮᠡᠳᠡᠭᠡ ᠵᠠᠩᠭᠢ ᠶᠢᠨ ᠣᠶᠤᠨᠴᠢ ᠬᠠᠮᠢᠶᠠᠷᠤᠨ ᠡᠵᠡᠮᠳᠡᠬᠦ ᠲᠠᠪᠴᠠᠩ ᠢ ᠪᠠᠶᠢᠭᠤᠯᠬᠤ ᠵᠡᠷᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠪᠠᠷ ᠳᠠᠮᠵᠢᠭᠤᠯᠤᠨ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠡᠨᠡ ᠨᠢ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠤᠵᠢᠷᠯᠢᠭ ᠭᠠᠵᠠᠷ ᠢ ᠰᠠᠶᠢᠵᠢᠷᠠᠭᠤᠯᠬᠤ ᠪᠠ ᠶᠡᠷᠦᠩᠬᠡᠶᠢᠯᠡᠨ ᠠᠰᠢᠭᠯᠠᠬᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠲᠠᠷᠢᠶᠠᠯᠠᠩ ᠤᠨ ᠤᠰᠤᠨ ᠤ ᠮᠡᠳᠡᠭᠡ ᠵᠠᠩᠭᠢ ᠶᠢᠨ ᠣᠶᠤᠨᠴᠢ ᠬᠠᠮᠢᠶᠠᠷᠤᠯᠲᠠ ᠪᠠ ᠡᠵᠡᠮᠳᠡᠯ ᠢ ᠪᠡᠶᠡᠯᠡᠭᠦᠯᠵᠦ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠡᠨᠧᠷᠭᠢ ᠣᠯᠭᠤᠪᠠ᠃      ᠣᠶᠢᠯᠠᠭᠠᠭᠰᠠᠨ ᠢᠶᠠᠷ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠪᠣᠯ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶ᠎ᠡ ᠴᠠᠷᠠᠭ᠎ᠠ ᠳᠤ ᠪᠠᠶᠢᠭᠤᠯᠤᠭᠰᠠᠨ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠪᠣᠯᠤᠨ᠎ᠠ᠃ ᠵᠢᠱᠢᠯᠲᠡ ᠪᠠᠷ 2026 ᠤᠨ ᠪᠣᠯᠬᠤ ᠳᠤ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠤ ᠶᠡᠷᠦᠩᠬᠡᠶ ᠦᠢᠯᠡᠳᠬᠦᠨ ᠤ ᠥᠷᠲᠡᠭ ᠢ 220 ᠳ᠋ᠦᠩᠰᠢᠭᠤᠷ ᠲᠥᠭᠦᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 30 ᠠᠴᠠ ᠳᠡᠭᠡᠭᠰᠢ ᠳᠤ ᠬᠦᠷᠦᠭᠦᠯᠵᠦ᠂ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 5 ᠲᠦᠮᠡᠨ ᠲᠥᠭᠦᠷᠢᠭ ᠲᠤ ᠬᠦᠷᠦᠭᠦᠯᠦᠨ᠎ᠡ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ