ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠲᠤᠰᠬᠠᠶ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/15
      ᠾᠧ ᠸᠧᠢ ᠬᠤᠸᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ      10 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠲᠤᠰᠬᠠᠶ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽︿ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ﹀ ᠢ ᠭᠦᠨᠵᠡᠭᠡᠢ ᠰᠤᠷᠤᠯᠴᠠᠨ ᠲᠤᠭᠤᠰᠢᠯᠠᠭᠤᠯᠤᠶ᠎ᠠ︾ ᠭᠡᠬᠦ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠸᠢᠳᠢᠣ᠋ ᠶᠢ ᠰᠣᠨᠢᠷᠬᠠᠵᠤ᠂ ᠭᠤᠣᠯ ᠳᠤᠭᠤᠶᠢᠯᠠᠩ ᠤᠨ ᠪᠦᠷᠢᠯᠳᠦᠬᠦᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠾᠧ ᠸᠧᠶ ᠬᠤᠸᠠ ᠥᠪᠡᠷ ᠤᠨ ᠰᠤᠷᠤᠯᠴᠠᠭᠰᠠᠨ ᠲᠥᠷᠥᠭᠳᠡᠯ ᠢᠶᠠᠨ ᠬᠤᠪᠢᠶᠠᠯᠴᠠᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠪᠢᠳᠡᠨ ᠳᠤ ᠤᠨᠤᠯ ᠪᠣᠯᠤᠨ ᠦᠢᠯᠡᠳᠦᠯᠭᠡ ᠶᠢᠨ ᠵᠢᠯᠤᠭᠤᠳᠤᠯᠭ᠎ᠠ ᠬᠠᠩᠭᠠᠵᠠᠢ᠃ ᠪᠢᠳᠡ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠰᠡᠷᠭᠦᠴᠡᠬᠦ ᠶᠢ ᠴᠢᠬᠤᠯᠠ ᠤᠯᠤᠰ ᠲᠦᠷᠦ ᠶᠢᠨ ᠰᠠᠬᠢᠯᠭ᠎ᠠ ᠪᠠᠲᠤ᠂ ᠤᠯᠤᠰ ᠲᠦᠷᠦ ᠶᠢᠨ ᠶᠣᠰᠣ ᠲᠦᠷᠢᠮ ᠪᠣᠯᠭᠠᠵᠤ᠂ ᠴᠢᠩᠭ᠎ᠠ ᠰᠠᠬᠢᠯᠭ᠎ᠠ ᠪᠠᠲᠤ᠂ ᠪᠣᠳᠠᠲᠠᠢ ᠰᠤᠷᠲᠠᠯ ᠢᠶᠠᠷ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃      ᠾᠧ ᠸᠧᠢ ᠬᠤᠸᠠ ᠴᠢᠬᠤᠯᠠᠴᠢᠯᠠᠬᠤ ᠳᠤ ᠪᠠᠨ᠂ ︽ᠲᠣᠭᠲᠠᠭᠠᠯ ᠤᠳ︾ ᠪᠣᠯ ᠨᠠᠮ ᠤᠨ ᠲᠥᠪ ᠬᠤᠷᠢᠶ᠎ᠠ ᠠᠴᠠ ᠠᠩᠬ᠎ᠠ ᠤᠳᠠᠭ᠎ᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠬᠡᠯᠪᠡᠷᠢ ᠪᠠᠷ ᠲᠣᠭᠲᠠᠭᠠᠨ ᠲᠠᠷᠬᠠᠭᠠᠭᠰᠠᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠦᠷᠢᠮ ᠤᠨ ᠵᠢᠷᠤᠮᠵᠢᠯ ᠪᠠᠶᠢᠵᠤ᠂ ᠬᠡᠯᠪᠡᠷᠢᠴᠢ ᠦᠵᠡᠯ ᠢ ᠪᠦᠬᠦ ᠲᠠᠯ᠎ᠠ ᠪᠠᠷ ᠴᠢᠩᠭ᠎ᠠ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠷᠡᠰ ᠪᠠᠲᠤ ᠵᠣᠷᠢᠭ ᠢ ᠭᠦᠢᠴᠡᠳ ᠢᠯᠡᠷᠡᠭᠦᠯᠪᠡ᠃ ᠪᠢᠳᠡ ︽ᠲᠣᠭᠲᠠᠭᠠᠯ︾ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠦᠢᠯᠡᠰ ᠵᠡᠷᠭᠡ ᠡᠯ᠎ᠡ ᠬᠦᠷᠢᠶᠡᠨ ᠳᠤ ᠣᠷᠣᠰᠢᠵᠤ ᠪᠠᠶᠢᠭ᠎ᠠ ᠬᠡᠯᠪᠡᠷᠢᠴᠢ ᠦᠵᠡᠯ ᠤᠨ ᠠᠰᠠᠭᠤᠳᠠᠯ ᠢ ᠡᠷᠡᠰ ᠴᠡᠪᠡᠷᠯᠡᠵᠦ᠂ ᠴᠢᠨᠠᠷ ᠰᠠᠶᠢᠲᠠᠶ ᠬᠥᠭᠵᠢᠯᠲᠡ ᠶᠢ ᠨᠥᠯᠥᠭᠡᠯᠡᠬᠦ ᠲᠦᠭᠵᠢᠷᠡᠯ ᠤᠨ ᠴᠡᠭ ᠢ ᠠᠷᠢᠯᠭᠠᠬᠤ ᠬᠡᠷᠡᠭᠲᠡᠶ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ︽ᠲᠣᠭᠲᠠᠭᠠᠯ ᠤᠳ︾ ᠤᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠪᠢᠴᠢᠭ ᠮᠠᠲ᠋ᠧᠷᠢᠶᠠᠯ ᠢ ᠨᠠᠷᠢᠯᠢᠬᠵᠢᠭᠤᠯᠵᠤ ᠬᠤᠷᠠᠯ ᠢ ᠪᠠᠭᠠᠰᠬᠠᠬᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠵᠢᠷᠤᠮᠵᠢᠭᠤᠯᠬᠤ᠂ ︽ᠵᠢᠵᠢᠭ ᠮᠤᠷᠢ ᠪᠠᠷ ᠶᠡᠭᠡ ᠲᠡᠷᠭᠡ ᠲᠠᠲᠠᠬᠤ︾ ᠶᠢ ᠴᠡᠭᠴᠡᠯᠡᠨ ᠵᠠᠰᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ᠃ ︽ᠲᠣᠭᠲᠠᠭᠠᠯ ᠤᠳ ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠲᠥᠪ ᠪᠣᠯᠭᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠦ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠬᠥᠮᠦᠨ ᠬᠡᠷᠡᠭᠯᠡᠬᠦ ᠤᠳᠤᠷᠢᠳᠤᠮᠵᠢ ᠶᠢ ᠪᠠᠲᠤ ᠪᠤᠢ ᠪᠣᠯᠭᠠᠵᠤ ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ︽ᠳᠠᠷᠤᠭᠠᠰᠤ ᠶᠢ ᠬᠥᠩᠭᠡᠷᠡᠭᠦᠯᠬᠦ︾ ᠨᠢ ︽ᠬᠠᠷᠢᠭᠤᠴᠠᠯᠭ᠎ᠠ ᠶᠢ ᠪᠠᠭᠠᠰᠬᠠᠬᠤ︾ ︽ᠡᠭᠦᠷᠭᠡᠯᠡᠯ ᠢ ᠪᠠᠭᠠᠰᠬᠠᠬᠤ︾ ᠶᠠᠪᠤᠳᠠᠯ ᠪᠢᠰᠢ᠂ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠬᠢᠵᠦ ᠦᠢᠯᠡᠰ ᠪᠤᠰᠬᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠣᠳᠣᠬᠢᠴᠢᠯᠠᠭᠰᠠᠨ ᠪᠠᠶᠠᠨᠨᠠᠭᠤᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ