ᠮᠠᠨ ᠤ ᠬᠤᠲᠠ ᠶᠢᠨ ᠠᠩᠬᠠᠳᠠᠭᠴᠢ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠲᠥᠷᠥᠯ ᠵᠦᠢᠯ ᠡᠬᠢᠯᠡᠪᠡ
ᠨᠡᠶᠢᠲᠡᠯᠡᠭᠰᠡᠨ ᠴᠠᠭ᠄
2024/10/15
      ᠣᠶᠢᠷ᠎ᠠ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ 2024 ᠣᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠵᠡᠷᠭᠡ ᠶᠢᠨ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠨᠢᠭᠡᠳᠦᠭᠡᠷ ᠪᠦᠯᠦᠭ ᠤᠨ ︽ᠵᠠᠷᠯᠠᠨ ᠮᠠᠩᠯᠠᠶᠢᠯᠠᠭᠤᠯᠬᠤ︾ ᠲᠥᠷᠥᠯ ᠵᠦᠢᠯ ᠤᠨ ᠡᠭᠦᠷᠭᠡ ᠶᠢᠨ ᠪᠢᠴᠢᠭ ᠲᠤ ᠭᠠᠷ ᠤᠨ ᠥᠰᠥᠭ ᠵᠢᠷᠤᠵᠦ᠂ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠤᠶᠠᠯᠳᠤᠯ ᠢ ᠭᠦᠨᠵᠡᠭᠡᠶᠢᠷᠡᠭᠦᠯᠦᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠪᠠ᠃      ᠲᠣᠰ ᠤᠳᠠᠭ᠎ᠠ ᠭᠠᠷ ᠤᠨ ᠥᠰᠥᠭ ᠵᠢᠷᠤᠭᠰᠠᠨ ᠡᠭᠦᠷᠭᠡ ᠶᠢᠨ ᠪᠢᠴᠢᠭ ᠲᠤ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠨᠢᠭᠡᠳᠦᠭᠡᠷ ᠪᠦᠯᠦᠭ ᠤᠨ ︽ᠵᠠᠷᠯᠠᠨ ᠮᠠᠩᠯᠠᠶᠢᠯᠠᠭᠤᠯᠬᠤ︾ ᠲᠥᠷᠥᠯ ᠵᠦᠢᠯ ᠤᠨ ᠡᠭᠦᠷᠭᠡ ᠶᠢᠨ ᠪᠢᠴᠢᠭ ᠢ ᠪᠠᠭᠲᠠᠭᠠᠵᠤ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 8300 ᠲᠦᠮᠡᠨ ᠲᠥᠭᠦᠷᠢᠭ ᠪᠣᠯᠤᠨ᠎ᠠ᠂ ᠡᠭᠦᠨ ᠳᠤ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ 5000 ᠲᠦᠮᠡᠨ ᠲᠥᠭᠦᠷᠢᠭ᠂ ᠠᠵᠤ ᠠᠬᠤᠶᠢᠯᠠᠯ ᠤᠨ ᠥᠪᠡᠰᠦᠪᠡᠨ ᠴᠤᠭᠯᠠᠭᠤᠯᠤᠭᠰᠠᠨ ᠪᠠᠯᠠ ᠮᠥᠩᠭᠦ 3300 ᠲᠦᠮᠡᠨ ᠲᠥᠭᠦᠷᠢᠭ ᠪᠠᠭᠲᠠᠨ᠎ᠠ᠃ ᠡᠨᠡ ᠨᠢ ᠮᠠᠨ ᠤ ᠬᠤᠲᠠ ᠶᠢᠨ ᠠᠩᠬᠠᠳᠠᠭᠴᠢ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠦᠨ ᠬᠡᠷᠡᠭᠵᠢᠭᠦᠯᠦᠭᠰᠡᠨ ᠢ ᠬᠠᠷᠠᠭᠤᠯᠵᠤ ᠪᠠᠶᠢᠨ᠎ᠠ᠃ ᠬᠠᠮᠢᠶ᠎ᠠ ᠪᠥᠬᠦᠶ ᠲᠥᠷᠥᠯ  ᠵᠦᠢᠯ ᠳᠤ ᠭᠤᠤᠯᠳᠠᠭᠤ ᠲᠠᠷᠢᠶᠠᠨ ᠭᠠᠵᠠᠷ ᠤᠨ ᠬᠦᠴᠦᠨ ᠢ ᠳᠡᠭᠡᠭᠰᠢᠯᠡᠭᠦᠯᠬᠦ᠂ ᠠᠯᠠᠰᠢᠨ ᠬᠤᠨᠢᠨ ᠤ ᠠᠵᠤ  ᠦᠢᠯᠡᠰ ᠤᠨ ᠪᠥᠬᠦ ᠠᠵᠤ  ᠦᠢᠯᠡᠰ ᠤᠨ ᠬᠡᠯᠬᠢᠶ᠎ᠡ᠂ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ᠂ ᠤᠨᠴᠠᠯᠢᠬᠳᠤ ᠵᠢᠮᠢᠰ ᠨᠣᠭᠤᠭ᠎ᠠ ᠶᠢ ᠨᠠᠷᠢᠯᠢᠭ ᠡᠳ᠋ᠰᠢᠭᠦᠯᠬᠦ ᠵᠡᠷᠭᠡ ᠴᠡᠭ ᠲᠤ ᠠᠩᠬᠠᠷᠤᠯ ᠢᠶᠠᠨ ᠲᠥᠪᠯᠡᠷᠡᠭᠦᠯᠦᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠨᠳᠤᠤᠰᠢᠭᠤᠯᠬᠤ ᠶᠢ ᠥᠷᠨᠢᠭᠦᠯᠵᠦ᠂ 3 ᠵᠢᠯ ᠤᠨ ᠳᠣᠲᠣᠷ᠎ᠠ ᠨᠢᠭᠡ ᠪᠦᠯᠦᠭ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠯᠬᠤ ᠪᠠᠷ ᠴᠢᠷᠮᠠᠶᠢᠨ᠎ᠠ᠃      ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠦᠷ᠎ᠡ ᠪᠦᠲᠦᠮᠵᠢ ᠶᠢ ᠬᠢᠨᠠᠨ ᠬᠠᠮᠢᠶᠠᠷᠬᠤ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠪᠠᠯᠠ ᠮᠥᠩᠭᠦ ᠶᠢᠨ ᠬᠡᠷᠡᠭᠯᠡᠯᠲᠡ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠢᠭᠡᠳ 7 ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ᠂ ᠳᠤᠮᠳᠠᠳᠤ ᠤᠯᠤᠰ ᠤᠨ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠵᠡᠷᠭᠡ 4 ᠪᠠᠩᠬᠢ ᠬᠠᠮᠲᠤᠪᠠᠷ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠲᠤᠰᠬᠠᠶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ