ᠾᠧ ᠸᠧᠢ ᠬᠤᠸᠠ ᠠᠷᠠᠳ ᠤᠨ ᠠᠮᠢᠳᠤᠷᠠᠯ ᠤᠨ ᠪᠠᠲᠤᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/15
      10 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠯᠢᠨ ᠾᠧ ᠲᠣᠭᠤᠷᠢᠭ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠳᠤᠯᠠᠭᠠᠨ ᠢᠨᠵᠧᠨᠧᠷᠢᠩ ᠪᠣᠯᠣᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ᠃      ᠲᠤᠬᠠᠶ ᠶᠢᠨ ᠡᠳᠦᠷ ᠶᠠᠭ ᠰᠠᠶᠢᠬᠠᠨ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠬᠦᠷᠴᠦ᠂ ᠾᠧ ᠸᠧᠶ ᠬᠤᠸᠠ ᠡᠩ ᠲᠡᠷᠢᠭᠦᠨ ᠳᠤ ᠯᠢᠨ ᠾᠧ ᠲᠣᠭᠤᠷᠢᠭ ᠤᠨ ᠶᠢᠨ ᠴᠤᠸᠠᠨ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠬᠦᠷᠴᠦ᠂ ᠢᠳᠡᠭᠡᠨ ᠤᠮᠳᠠᠭᠠᠨ᠂ ᠡᠮᠴᠢ ᠰᠤᠪᠢᠯᠠᠭᠴᠢ᠂ ᠡᠳᠦᠷ ᠲᠤᠲᠤᠮ ᠤᠨ ᠬᠠᠷᠠᠭᠠᠯᠵᠠᠯ ᠵᠡᠷᠭᠡ ᠴᠢᠳᠠᠮᠵᠢ ᠶᠢᠨ ᠣᠷᠣᠨ ᠪᠦᠰᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠵᠡᠩᠨᠡᠯᠲᠡ ᠶᠢᠨ ᠵᠠᠭᠪᠤᠷ᠂ ᠦᠢᠯᠡᠴᠢᠯᠡᠭᠡᠨ ᠤ ᠪᠠᠲᠤᠯᠠᠭ᠎ᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠠᠰᠤᠲᠠᠶᠢᠴᠤᠳ ᠤᠨ ᠶᠠᠭ ᠶᠠᠪᠤᠭᠳᠠᠵᠤ ᠪᠠᠶᠢᠭ᠎ᠠ ᠤᠷᠠᠨ ᠪᠢᠴᠢᠯᠭᠡ᠂ ᠨᠠᠶᠢᠷᠠᠯ ᠳᠠᠭᠤᠤ᠂ ᠰᠢᠲᠠᠷ᠎ᠠ ᠵᠡᠷᠭᠡ ᠤᠷᠠᠨ ᠰᠠᠶᠢᠬᠠᠨ ᠤ ᠠᠵᠢᠯᠯᠠᠭ᠎ᠠ ᠶᠢ ᠲᠣᠭᠤᠷᠢᠨ ᠦᠵᠡᠪᠡ᠃ ︽ᠨᠠᠰᠤᠲᠠᠨ ᠬᠡᠳᠦᠢ ᠨᠠᠰᠤ ᠪᠣᠯᠴᠢᠬᠠᠭᠰᠠᠨ ᠪᠤᠢ︖︾ ︽ᠵᠠᠭᠤᠰᠢᠨ ᠤ ᠵᠦᠢᠯ ᠶᠠᠮᠠᠷ ᠪᠠᠢᠨ᠎ᠠ ᠪᠤᠢ︖︾ ︽ᠴᠠᠭ ᠤᠨ ᠬᠤᠭᠤᠯᠠ ᠬᠡᠳᠦᠢ ᠵᠣᠭᠤᠰ ᠵᠠᠷᠤᠴᠠᠭᠤᠯᠬᠤ ᠪᠤᠢ︖︾ ᠁ ᠁ ᠾᠧ ᠸᠧᠢ ᠬᠤᠸᠠ ᠨᠠᠰᠤᠲᠠᠶᠢᠴᠤᠳ ᠲᠠᠢ ᠬᠠᠯᠠᠭᠤᠮᠰᠤᠭ ᠢᠶᠠᠷ ᠶᠠᠷᠢᠯᠴᠠᠵᠤ᠂ ᠪᠡᠶ᠎ᠡ ᠶᠢᠨ ᠪᠠᠶᠢᠳᠠᠯ᠂ ᠭᠡᠷ ᠪᠦᠯᠢ ᠶᠢᠨ ᠪᠠᠶᠢᠳᠠᠯ᠂ ᠦᠢᠯᠡᠴᠢᠯᠡᠭᠡᠨ ᠤ ᠥᠩᠭᠡᠷᠡᠯᠲᠡ ᠶᠢ ᠬᠠᠯᠠᠮᠵᠢᠯᠠᠨ ᠠᠰᠠᠭᠤᠭᠰᠠᠨ ᠪᠥᠭᠡᠳ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃ ᠾᠧ ᠸᠧᠶ ᠬᠤᠸᠠ ᠬᠡᠯᠡᠬᠦ ᠳᠡᠭᠡᠨ᠂ ᠨᠠᠰᠤᠲᠠᠨ ᠢᠶᠠᠨ ᠬᠦᠨᠳᠦᠯᠡᠬᠦ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠨᠠᠰᠤᠲᠠᠶᠢᠴᠤᠳ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠦᠷᠢᠮ ᠤᠨ ᠰᠢᠨ᠎ᠡ ᠡᠭᠦᠳᠦᠯᠲᠡ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ᠂ ᠡᠳ᠋ ᠤᠨ ᠵᠠᠰᠠᠭ ᠤᠨ ᠣᠷᠣᠭᠤᠯᠤᠯᠲᠠ ᠶᠢ ᠴᠢᠩᠭᠠᠳᠬᠠᠨ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠨᠠᠰᠤᠵᠢᠯ ᠤᠨ ᠠᠰᠠᠷᠠᠮᠵᠢ ᠪᠠ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠪᠥᠬᠦ ᠬᠤᠲᠠ ᠶᠢᠨ ᠨᠠᠰᠤᠲᠠᠶᠢᠴᠤᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠶ᠃ ᠰᠠᠯᠬᠤ ᠠᠴᠠ ᠡᠮᠦᠨ᠎ᠡ᠂ ᠾᠧ ᠸᠧᠢ ᠬᠤᠸᠠ ᠠᠵᠢᠯᠲᠠᠳ ᠲᠤ ᠰᠡᠳᠬᠢᠯ ᠰᠡᠳᠬᠢᠯ ᠢᠶᠠᠨ ᠮᠡᠳᠡᠯᠴᠡᠵᠦ᠂ ᠬᠦᠯᠢᠴᠡᠩᠭᠦᠢ ᠪᠠᠷ ᠨᠠᠷᠢᠨ ᠨᠢᠮᠪᠠᠢ ᠦᠢᠯᠡᠴᠢᠯᠡᠵᠦ᠂ ᠨᠠᠰᠤᠲᠠᠨ ᠢᠶᠠᠨ ᠰᠠᠶᠢᠲᠤᠷ ᠬᠠᠷᠠᠭᠠᠯᠵᠠᠵᠤ᠂ ᠲᠡᠳᠡᠨ ᠳᠤ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠬᠡᠷᠡᠭᠲᠡᠢ ᠭᠡᠵᠦ ᠵᠠᠬᠢᠪᠠ᠃      ᠯᠢᠨ ᠾᠧ ᠲᠣᠭᠤᠷᠢᠭ ᠤᠨ ᠤᠶᠤᠨᠲᠤ ᠢᠯᠴᠢ ᠬᠠᠩᠭᠠᠬᠤ ᠦᠢᠯᠡᠴᠢᠯᠡᠭᠡᠨ ᠤ ᠶᠡᠭᠡ ᠲᠢᠩᠬᠢᠮ ᠳᠤ᠂ ᠾᠧ ᠸᠧᠶ ᠬᠤᠸᠠ ᠣᠶᠤᠨᠴᠢ ᠲᠠᠪᠴᠠᠩ ᠤᠨ ᠠᠵᠢᠯᠯᠠᠭᠠᠨ᠂ ᠢᠯᠴᠢ ᠬᠠᠩᠭᠠᠬᠤ ᠲᠥᠬᠦᠭᠡᠷᠦᠮᠵᠢ ᠶᠢᠨ ᠢᠵᠢ ᠪᠥᠷᠢᠳᠦᠭᠰᠡᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠲᠡᠷᠡ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠣᠮᠲᠣᠭᠠᠶᠢᠯᠠᠵᠤ ᠪᠣᠯᠬᠤ ᠦᠭᠡᠢ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠣᠯᠠᠨ ᠲᠦᠮᠡᠨ ᠤ ᠬᠠᠯᠠᠭᠤᠨ ᠳᠤᠯᠠᠭᠠᠨ ᠢ ᠢᠮᠠᠭᠲᠠ ᠰᠡᠳᠬᠢᠯ ᠳᠡᠭᠡᠨ ᠪᠤᠳᠤᠵᠤ᠂ ᠳᠤᠯᠠᠭᠠᠨ ᠢᠨᠵᠧᠨᠧᠷᠢᠩ ᠢ ᠬᠡᠷᠡᠭᠵᠢᠭᠦᠯᠦᠨ᠂ ᠳᠤᠲᠠᠭᠤᠳᠠᠯ ᠢ ᠨᠥᠬᠦᠪᠥᠷᠢᠯᠡᠵᠦ᠂ ᠬᠠᠩᠭᠠᠯᠭ᠎ᠠ ᠶᠢ ᠴᠢᠩᠭᠠᠳᠬᠠᠨ᠂ ᠲᠤᠭ᠎ᠠ ᠪᠠᠷᠢᠮᠲᠠ ᠶᠢᠨ ᠲᠠᠪᠴᠠᠩ ᠢ ᠰᠠᠶᠢᠲᠤᠷ ᠬᠡᠷᠡᠭᠯᠡᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠠᠰ ᠳᠡᠪᠰᠢᠭᠦᠯᠬᠦ ᠶᠢ ᠠᠬᠢᠭᠤᠯᠤᠨ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠶ᠃      ᠵᠢᠩ ᠤᠣ ᠨᠣᠣ ᠡᠯ ᠤᠨ 5GW ᠬᠡᠷᠡᠯ ᠴᠡᠨᠡᠭ ᠤᠨ ᠲᠣᠨᠣᠭᠯᠠᠯ ᠤᠨ ᠲᠥᠷᠥᠯ ᠵᠦᠢᠯ ᠪᠣᠯ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠨᠢᠭᠡ ᠪᠣᠯᠤᠨ᠎ᠠ᠂ ᠲᠤᠬᠠᠶ ᠶᠢᠨ ᠵᠢᠯ ᠳᠤ ᠠᠵᠢᠯ ᠡᠬᠢᠯᠡᠭᠦᠯᠵᠦ᠂ ᠲᠤᠬᠠᠶ ᠶᠢᠨ ᠵᠢᠯ ᠳᠤ ᠠᠰᠢᠭᠯᠠᠯᠲᠠ ᠳᠤ ᠣᠷᠣᠭᠤᠯᠪᠠ᠃ ᠾᠧ ᠸᠧᠢ ᠬᠤᠸᠠ ᠦᠢᠯᠡᠳᠪᠦᠷᠢᠯᠡᠯ ᠤᠨ ᠲᠠᠰᠤᠭ ᠲᠤ ᠬᠦᠷᠴᠦ᠂ ᠲᠦᠭᠦᠬᠡᠢ ᠮᠠᠲ᠋ᠧᠷᠢᠶᠠᠯ ᠤᠨ ᠢᠷᠡᠯᠲᠡ᠂ ᠭᠠᠷ ᠤᠷᠠᠯᠠᠯ ᠤᠨ ᠶᠠᠪᠤᠴᠠ᠂ ᠵᠠᠬ᠎ᠠ ᠳᠡᠯᠭᠡᠭᠦᠷ ᠤᠨ ᠵᠠᠬᠢᠶᠠᠯᠠᠭ᠎ᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠠᠵᠤ ᠠᠬᠤᠶᠢᠯᠠᠯ ᠤᠨ ᠬᠢᠨ ᠠᠵᠠ ᠲᠣᠬᠢᠶᠠᠯ ᠢ ᠠᠮᠵᠢᠵᠤ᠂ ᠬᠠᠷᠠᠯᠲᠠ ᠪᠠᠨ ᠲᠣᠭᠲᠠᠭᠠᠵᠤ᠂ ᠦᠢᠯᠡᠳᠪᠦᠷᠢᠯᠡᠯ ᠢᠶᠠᠨ ᠲᠦᠷᠭᠡᠳᠬᠡᠵᠦ᠂ ᠶᠠᠰᠤ ᠴᠢᠨᠠᠷ ᠢ ᠪᠠᠲᠤᠯᠠᠵᠤ᠂ ᠮᠠᠨ ᠤ ᠬᠤᠳᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠳᠡᠮᠵᠢᠯᠭᠡ ᠬᠠᠩᠭᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠤᠷᠢᠳᠠᠪᠠᠷ ᠦᠢᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯᠲᠡᠢ ᠠᠰᠠᠭᠤᠳᠠᠯ ᠢ ᠨᠢ ᠰᠢᠢᠳᠪᠦᠷᠢᠯᠡᠵᠦ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠵᠠᠭᠪᠤᠷ ᠢ ᠡᠭᠦᠳᠬᠦ ᠬᠡᠷᠡᠭᠲᠡᠢ ᠭᠡᠵᠦ ᠵᠠᠬᠢᠪᠠ᠃      ᠬᠤᠳᠠ ᠶᠢᠨ ᠤᠳᠤᠷᠢᠳᠤᠯᠭ᠎ᠠ ᠷᠧᠨ ᠢ ᠴᠢᠶᠦ᠋ᠨ᠂ ᠵᠤᠤ ᠵᠢᠶᠦ᠋ᠨ ᠯᠢᠩ᠂ ᠫᠧᠩ ᠢᠦᠢ ᠲᠠᠩ ᠣᠷᠣᠯᠴᠠᠪᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ