ᠮᠠᠨ ᠤ ᠬᠤᠲᠠ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠪᠠᠷ ᠭᠠᠷᠳᠠᠴᠠ ᠪᠣᠯᠭᠠᠨ ︽ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ︾ ᠢ ᠬᠠᠮᠠᠭᠠᠯᠠᠪᠠ
ᠨᠡᠶᠢᠲᠡᠯᠡᠭᠰᠡᠨ ᠴᠠᠭ᠄
2024/10/15
      ᠡᠨᠡ ᠵᠢᠯ ᠠᠴᠠ ᠨᠠᠰᠢ᠂ ᠮᠠᠨ ᠤ ᠬᠤᠲᠠ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ︽ᠠᠷᠠᠳ ᠤᠨ ᠠᠮᠢᠳᠤᠷᠠᠯ ᠤᠨ ᠳᠤᠯᠠᠭᠠᠨ ᠤ ᠬᠡᠮᠵᠢᠶ᠎ᠡ︾ ᠶᠢ ᠦᠨᠡᠨ ᠬᠦ ᠬᠠᠮᠠᠭᠠᠯᠠᠪᠠ᠃      ᠬᠡᠷᠡᠭᠵᠢᠭᠦᠯᠬᠦ ᠲᠥᠰᠦᠯ ᠢ ᠴᠠᠭ ᠲᠤᠬᠠᠶ ᠳᠤᠨᠢ ᠲᠣᠭᠲᠠᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠵᠢᠷᠤᠭ ᠡᠯᠭᠦᠨ ᠪᠠᠶᠢᠯᠳᠤᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠬᠤ ᠬᠡᠷᠡᠭᠲᠡᠶ᠃ ᠣᠳᠣᠬᠠᠨ ᠳᠤ᠂ ᠪᠥᠬᠦ ᠬᠤᠲᠠ ᠶᠢᠨ 21 ᠲᠥᠷᠥᠯ ᠵᠦᠢᠯ ᠢ ᠨᠢᠭᠡᠨᠲᠡ ᠪᠦᠬᠦᠨ ᠢ ᠳᠠᠭᠤᠰᠬᠠᠵᠤ᠂ ᠨᠢᠭᠡᠳᠦᠭᠡᠷ ᠳᠡᠰ ᠤᠨ ᠬᠤᠭᠤᠯᠠᠶ ᠶᠢᠨ ᠲᠣᠤᠷ ᠤᠨ 20.16  ᠺᠢᠯᠣᠮᠧᠲᠷ᠂ ᠬᠤᠶᠠᠳᠤᠭᠠᠷ ᠳᠡᠰ ᠤᠨ ᠬᠤᠭᠤᠯᠠᠶ ᠶᠢᠨ ᠲᠣᠤᠷ ᠢ 154.98  ᠺᠢᠯᠣᠮᠧᠲᠷ ᠥᠭᠡᠷᠡᠴᠢᠯᠡᠨ ᠵᠠᠰᠠᠵᠤ᠂ 198 ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠨ ᠰᠠᠶᠢᠵᠢᠷᠠᠭᠤᠯᠵᠤ᠂ 11341 ᠢᠯᠴᠢ ᠶᠢᠨ ᠬᠡᠷᠡᠭᠯᠡᠭᠡᠨ ᠤ ᠡᠷᠦᠬᠡ ᠶᠢ ᠥᠭᠡᠷᠡᠴᠢᠯᠡᠨ ᠰᠠᠶᠢᠵᠢᠷᠠᠭᠤᠯᠵᠤ᠂ ᠲᠣᠭᠲᠠᠭᠰᠠᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠤᠯᠤᠰ ᠤᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠠᠵᠠ ᠲᠣᠬᠢᠶᠠᠯ ᠢ ᠠᠳᠬᠤᠵᠤ᠂ ᠬᠤᠲᠠ ᠶᠢᠨ ᠳᠤᠮᠳᠠ᠂ ᠬᠤᠲᠠ ᠬᠥᠳᠡᠭᠡ ᠶᠢᠨ ᠠᠭᠤᠯᠵᠠᠷ ᠬᠡᠰᠡᠭ ᠲᠤ ᠤᠤᠯ ᠤᠨ ᠲᠠᠷᠠᠬᠠᠶ ᠨᠡᠭᠦᠷᠡᠰᠦ ᠳᠤᠯᠠᠭᠠᠯᠠᠬᠤ ᠳᠤ ᠲᠦᠰᠢᠭᠯᠡᠨ ᠳᠤᠯᠠᠭᠠᠯᠠᠬᠤ 1.62 ᠲᠦᠮᠡᠨ ᠡᠷᠦᠬᠡ ᠰᠠᠭᠤᠭᠠᠯᠢ ᠠᠷᠠᠳ ᠢ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠬᠡᠪᠴᠢᠶᠡᠨ ᠳᠤ ᠣᠷᠣᠭᠤᠯᠬᠤ ᠶᠢᠨ ᠬᠠᠮᠲᠤ ᠳᠤᠯᠠᠭᠠᠯᠠᠬᠤ ᠢᠨᠵᠧᠨᠧᠷᠢᠩ ᠢ ᠬᠡᠷᠡᠭᠵᠢᠭᠦᠯᠬᠦ ᠬᠡᠪᠴᠢᠶ᠎ᠡ ᠶᠢ ᠪᠥᠬᠦ ᠬᠤᠲᠠ ᠶᠢᠨ ᠬᠡᠪᠴᠢᠶᠡᠨ ᠳᠤ ᠬᠦᠷᠲᠡᠯ᠎ᠡ ᠥᠷᠭᠡᠳᠬᠡᠵᠦ᠂ ᠬᠥᠳᠡᠭᠡ ᠲᠣᠰᠬᠤᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯᠯᠠᠭ᠎ᠠ ᠶᠢ 14.36 ᠲᠦᠮᠡᠨ ᠡᠷᠦᠬᠡ ᠪᠡᠶᠡᠯᠡᠭᠦᠯᠪᠡ᠃      ᠳᠤᠯᠠᠭᠠᠨ ᠪᠠᠷᠢᠯᠭ᠎ᠠ ᠶᠢᠨ ᠲᠥᠷᠥᠯ ᠵᠦᠢᠯ ᠢ ᠪᠦᠬᠦᠨ ᠢ ᠪᠠᠷᠢᠯᠭ᠎ᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠪᠠᠷᠢᠯᠭ᠎ᠠ ᠶᠢᠨ ᠠᠬᠢᠴᠠ ᠶᠢᠨ ᠪᠣᠭᠤᠮᠲᠠ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠪᠠᠷᠢᠯᠭ᠎ᠠ ᠶᠢᠨ ᠦᠷ᠎ᠡ ᠪᠦᠲᠦᠮᠵᠢ ᠶᠢᠨ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠪᠥᠬᠦ ᠬᠤᠲᠠ ᠳᠤ ᠯᠢᠨ ᠾᠧ ᠲᠣᠭᠤᠷᠢᠭ ᠤᠨ ︽ᠳᠥᠷᠪᠡᠨ ᠠᠯᠬᠤᠮ ᠤᠨ ᠠᠵᠢᠯ ᠤᠨ ᠠᠷᠭ᠎ᠠ︾ ᠶᠢ ᠳᠡᠯᠭᠡᠷᠡᠭᠦᠯᠵᠦ᠂ ᠰᠠᠭᠤᠷᠢ ᠮᠡᠳᠡᠭᠡ ᠵᠠᠩᠭᠢ ᠶᠢ ᠴᠤᠭᠯᠠᠭᠤᠯᠬᠤ ᠠᠴᠠ ᠬᠡᠷᠡᠭᠯᠡᠭᠴᠢ ᠶᠢᠨ ᠪᠣᠳᠠᠲᠠᠶ ᠪᠡᠶᠡᠴᠢᠯᠡᠨ ᠣᠶᠢᠯᠠᠭᠠᠬᠤ ᠬᠦᠷᠲᠡᠯᠡᠬᠢ ᠣᠯᠠᠨ ᠲᠦᠮᠡᠨ ᠤ ᠪᠥᠬᠦ ᠶᠠᠪᠤᠴᠠ ᠶᠢᠨ ᠠᠵᠢᠯ ᠳᠤ ᠣᠷᠣᠯᠴᠠᠬᠤ ᠵᠠᠭᠪᠤᠷ ᠢ ᠪᠣᠶ ᠪᠣᠯᠭᠠᠨ᠎ᠠ᠃ ᠪᠥᠬᠦ ᠬᠤᠲᠠ ᠳᠤ 1 ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠪᠠ 1 ᠠᠵᠤ ᠠᠬᠤᠶᠢᠯᠠᠯ ᠤᠨ ᠰᠡᠯᠪᠢᠨ ᠵᠠᠰᠠᠬᠤ ᠦᠢᠯᠡᠴᠢᠯᠡᠭᠡᠨ ᠤ ᠠᠵᠢᠯᠲᠠᠨ ᠢᠶᠠᠷ ᠪᠦᠷᠢᠯᠳᠦᠭᠰᠡᠨ ︽ᠬᠤᠤᠰ ᠬᠠᠮᠢᠶᠠᠷᠤᠭᠴᠢ︾ ᠶᠢᠨ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠵᠦ᠂ ᠪᠥᠬᠦ ᠬᠤᠲᠠ ᠶᠢᠨ 725 ︽ᠬᠠᠮᠢᠶᠠᠷᠤᠭᠴᠢ︾ ᠶᠢᠨ ᠲᠠᠩᠰᠠᠯᠠᠵᠤ ᠺᠠᠷᠲᠯᠠᠭᠰᠠᠨ ︽ᠬᠤᠶᠠᠷ ᠬᠠᠮᠢᠶᠠᠷᠤᠭᠴᠢ︾ ᠠᠴᠠ ᠵᠢᠵᠢᠭ ᠲᠣᠭᠤᠷᠢᠭ ᠤᠨ ᠰᠠᠭᠤᠭᠠᠯᠢ ᠡᠷᠦᠬᠡ ᠳᠤ ᠢᠯᠴᠢ ᠬᠠᠩᠭᠠᠵᠤ ᠰᠦᠢᠳᠬᠡᠯ ᠲᠤᠰᠢᠶᠠᠬᠤ᠂ ᠢᠯᠴᠢ ᠬᠡᠷᠡᠭᠯᠡᠵᠦ ᠠᠰᠠᠭᠤᠨ ᠯᠠᠪᠯᠠᠬᠤ᠂ ᠪᠡᠯᠡᠳᠬᠡᠮᠵᠢ ᠶᠢ ᠮᠡᠳᠡᠭᠦᠯᠦᠨ ᠰᠡᠯᠪᠢᠨ ᠵᠠᠰᠠᠬᠤ ᠵᠡᠷᠭᠡ ᠵᠦᠢᠯᠡᠰ ᠤᠨ ᠪᠥᠬᠦ ᠴᠤᠪᠤᠷᠠᠯ ᠤᠨ ᠦᠢᠯᠡᠴᠢᠯᠡᠭᠡ ᠶᠢ ᠬᠠᠷᠢᠭᠤᠴᠠᠵᠤ ᠪᠠᠶᠢᠨ᠎ᠠ᠃ ᠪᠥᠬᠦ ᠬᠤᠲᠠ ᠳᠤ ᠤᠶᠤᠨᠲᠤ ᠢᠯᠴᠢ ᠬᠠᠩᠭᠠᠬᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠪᠠᠶᠢᠭᠤᠯᠵᠤ᠂ ᠭᠡᠷ ᠤᠨ ᠳᠤᠯᠠᠭᠠᠨ ᠢ ᠬᠢᠨᠠᠨ ᠬᠡᠮᠵᠢᠬᠦ ᠲᠥᠬᠦᠭᠡᠷᠦᠮᠵᠢ 1.5 ᠲᠦᠮᠡᠨ ᠰᠠᠭᠤᠷᠢ ᠤᠭᠰᠠᠷᠠᠵᠤ᠂ ᠵᠠᠭᠠᠯᠳᠤᠯᠭ᠎ᠠ ᠶᠢᠨ ᠤᠲᠠᠰᠤ ᠶᠢ ᠲᠠᠪᠴᠠᠩ ᠤᠨ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠢᠯᠴᠢ ᠬᠠᠩᠭᠠᠬᠤ ᠣᠶᠤᠨᠴᠢ ᠬᠢᠨᠠᠯᠲᠠ ᠬᠠᠮᠢᠶᠠᠷᠤᠯᠲᠠ ᠳᠤ ᠥᠨᠴᠥᠭ ᠪᠤᠯᠤᠩ ᠦᠭᠡᠢ ᠪᠣᠯᠭᠠᠬᠤ ᠪᠠᠷ ᠴᠢᠷᠮᠠᠶᠢᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ