ᠡᠨᠡ ᠵᠢᠯ ᠠᠴᠠ ᠨᠠᠰᠢ᠂ ᠮᠠᠨ ᠤ ᠬᠤᠲᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠬᠦᠴᠦᠲᠡᠶ ᠠᠬᠢᠭᠤᠯᠪᠠ᠃ | ᠣᠶᠢᠷ᠎ᠠ ᠳᠤ᠂ ᠮᠠᠨ ᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠯᠪᠠᠨ ᠤ ᠸᠢᠴᠠᠲ ᠤᠨ ᠨᠡᠶᠢᠲᠡ ᠶᠢᠨ ᠲᠠᠪᠴᠠᠩ ᠵᠡᠷᠭᠡ ᠰᠢᠨ᠎ᠡ | ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠵᠢᠴᠢ ᠰᠣᠯᠢᠵᠤ | ᠰᠢᠨᠡᠳᠬᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠢᠳᠡᠪᠬᠢᠲᠡᠶ ᠤᠬᠠᠭᠤᠯᠵᠤ᠂ ᠤᠬᠠᠭᠤᠯᠭ᠎ᠠ ᠶᠢᠨ ᠵᠠᠷᠯᠠᠯ ᠭᠠᠷᠭᠠᠬᠤ ᠳᠡᠯᠭᠡᠴᠡ ᠶᠢ ᠵᠣᠬᠢᠶᠠᠵᠤ ᠪᠥᠬᠦ | ᠬᠤᠲᠠ ᠶᠢᠨ ᠡᠯ᠎ᠡ ᠠᠵᠢᠯ ᠦᠢᠯᠡᠰ ᠤᠨ ᠨᠢᠭᠡᠴᠡ ᠳᠤ ᠲᠠᠷᠬᠠᠭᠠᠨ ᠥᠭᠴᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠵᠠᠷ | ᠮᠡᠳᠡᠭᠡ ᠶᠢᠨ ᠳᠡᠯᠭᠡᠴᠡ ᠳᠡᠭᠡᠷ᠎ᠡ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠵᠠᠷᠯᠠᠯ ᠲᠠᠯᠪᠢᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠤᠷᠬᠤ | ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠪᠡ᠃ ᠣᠳᠣᠬᠠᠨ ᠳᠤ᠂ ᠪᠥᠬᠦ ᠬᠤᠲᠠ ᠶᠢᠨ ᠮᠠᠰᠢᠨ ᠲᠡᠷᠭᠡ ᠬᠠᠭᠤᠴᠢᠨ ᠢᠶᠠᠷ ᠰᠢᠨ᠎ᠡ ᠶᠢ ᠰᠣᠯᠢᠬᠤ ᠭᠤᠶᠤᠴᠢᠯᠠᠯ | 1869 ᠬᠤᠪᠢ ᠳᠡᠪᠰᠢᠭᠦᠯᠵᠦ᠂ ᠬᠢᠨᠠᠨ ᠬᠠᠷᠭᠤᠭᠤᠯᠤᠯᠲᠠ 1473 ᠬᠤᠪᠢ ᠶᠢ ᠪᠠᠲᠤᠯᠠᠵᠤ᠂ ᠬᠢᠨᠠᠨ ᠬᠠᠷᠭᠤᠭᠤᠯᠤᠯᠲᠠ ᠪᠠᠷ ᠥᠩᠭᠡᠷᠡᠬᠦ ᠨᠣᠷᠮ᠎ᠠ 78.8% ᠳᠤ | ᠬᠦᠷᠴᠦ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ 63% ᠶᠢ ᠡᠵᠡᠯᠡᠵᠦ᠂ ᠪᠣᠬᠢᠷᠲᠤᠯ ᠥᠬᠡᠶ ᠣᠶᠤᠨᠴᠢ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠪᠠ | ᠃ | ᠮᠠᠨ ᠤ ᠬᠤᠲᠠ ᠶᠢᠨ ᠬᠡᠷ ᠤᠨ ᠴᠠᠬᠢᠯᠭᠠᠨ ᠬᠡᠷᠡᠭᠰᠡᠯ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠠᠵᠢᠯᠯᠠᠭ᠎ᠠ ᠴᠤ ᠤᠯᠤᠰ ᠤᠨ ᠪᠠᠶᠠᠷ ᠠᠴᠠ | ᠡᠮᠦᠨ᠎ᠡ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠵᠢᠱᠢᠯᠲᠡ ᠪᠠᠷ ᠪᠠᠶᠠᠷ ᠤᠨ ᠡᠳᠦᠷ ᠤᠨ ᠬᠤᠭᠤᠴᠠᠭᠠᠨ ᠳᠤ 1000 ᠲᠦᠮᠡᠨ ᠲᠥᠭᠦᠷᠢᠭ ᠤᠨ ᠬᠡᠷᠡᠭᠯᠡᠭᠡ ᠶᠢ | ᠳᠠᠶᠢᠴᠢᠯᠠᠬᠤ ᠪᠣᠯᠤᠨ᠎ᠠ᠃ | |