ᠾᠧ ᠸᠧᠢ ᠬᠤᠸᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/15
      10 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠾᠧ ᠸᠧᠶ ᠬᠤᠸᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠠ ᠴᠢᠬᠤᠯᠠ ᠵᠣᠬᠢᠶᠠᠯ᠂ ᠥᠪᠡᠷᠲᠡᠭᠡᠨ ᠵᠠᠰᠠᠬᠤ ᠣᠷᠣᠨ ᠤ 2024 ᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ 9 ᠰᠠᠷ᠎ᠠ ᠶᠢᠨ 26 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠦᠷᠦ ᠶᠢᠨ ᠪᠤᠳᠤᠯᠭ᠎ᠠ ᠶᠢᠨ ᠬᠤᠷᠴᠠ ᠰᠡᠷᠭᠡᠭ ᠴᠢᠨᠠᠷ ᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠤᠯᠠᠭᠠᠨᠰᠤᠬᠠᠢ ᠶᠢᠨ ᠵᠠᠰᠠᠯᠲᠠ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠤ ᠦᠶ᠎ᠡ ᠶᠢᠨ ᠥᠨᠳᠥᠷ ᠪᠦᠲᠦᠮᠵᠢᠲᠡᠢ ᠲᠠᠷᠢᠶᠠᠯᠠᠩ ᠪᠣᠯᠤᠨ ᠤᠰᠤ ᠠᠷᠪᠢᠯᠠᠬᠤ ᠠᠵᠤ ᠦᠢᠯᠡᠰ ᠵᠡᠷᠭᠡ ᠲᠠᠯ᠎ᠠ ᠶᠢᠨ ᠲᠣᠭᠤᠷᠢᠨ ᠳᠤ ᠪᠣᠭᠤᠳᠠᠯ ᠪᠠᠭᠯᠠᠭ᠎ᠠ ᠶᠢᠨ ᠲᠥᠰᠦᠪᠯᠡᠯ ᠢ ᠴᠢᠩᠭᠠᠳᠬᠠᠵᠤ᠂ ᠨᠡᠩ ᠤᠯᠠᠨ ᠲᠦᠷᠦᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠤᠨ ᠢᠯᠡᠳᠲᠡ ᠤᠯᠤᠰ ᠲᠦᠷᠦ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠣᠳᠣᠬᠢᠴᠢᠯᠠᠭᠰᠠᠨ ᠪᠠᠶᠠᠨᠨᠠᠭᠤᠷ ᠤᠨ ᠪᠦᠳᠦᠭᠡᠨ ᠪᠠᠶᠢᠭᠤᠯᠤᠯᠲᠠ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠭᠠᠪᠢᠶᠠᠨ ᠲᠡᠮᠳᠡᠭ ᠪᠣᠯᠤᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠳᠠᠶᠢᠯᠠᠯᠳᠤᠭᠠᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠦᠯᠢᠭᠡᠷ ᠳᠠᠭᠤᠷᠢᠶᠠᠯ ᠤᠨ ᠬᠦᠴᠦᠨ ᠢ ᠰᠢᠩᠭᠡᠭᠡᠨ ᠠᠪᠴᠤ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠵᠤ᠂ ᠡᠷᠡᠯᠬᠡᠭᠯᠡᠨ ᠲᠡᠮᠡᠴᠡᠵᠦ᠂ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠠᠴᠢᠶᠠᠯᠠᠪᠤᠷᠢ ᠶᠢᠨ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠪᠦᠯᠬᠦᠮᠳᠡᠯ ᠤᠨ ᠭᠧᠨ ᠢ ᠭᠦᠨᠵᠡᠭᠡᠢ ᠠᠭᠤᠳᠠᠯᠵᠤ᠂ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠠᠮᠢᠳᠤᠯᠢᠭ ᠪᠦᠲᠦᠮᠵᠢᠲᠡᠢ ᠪᠠᠲᠤ ᠴᠣᠭᠴᠠᠯᠠᠬᠤ ᠬᠡᠷᠡᠭᠲᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠡᠳᠬᠢᠯ ᠰᠠᠨᠠᠭ᠎ᠠ ᠪᠠᠨ ᠲᠣᠭᠲᠠᠪᠤᠷᠢᠵᠢᠭᠤᠯᠵᠤ᠂ ᠲᠣᠭᠲᠠᠯ ᠬᠦᠴᠦᠨ ᠢᠶᠠᠨ ᠪᠠᠲᠤᠯᠠᠵᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠡᠷᠴᠢ ᠵᠣᠷᠢᠭ᠂ ᠬᠦᠴᠢᠷ ᠢ ᠰᠦᠷᠦᠨ ᠤᠷᠤᠭᠰᠢᠯᠠᠬᠤ ᠡᠷᠴᠢ ᠵᠣᠷᠢᠭ᠂ ᠠᠵᠢᠯᠯᠠᠪᠠᠯ ᠪᠦᠲᠦᠭᠡᠬᠦ ᠡᠷᠴᠢ ᠵᠣᠷᠢᠭ ᠢᠶᠠᠷ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠬᠦ᠂ ᠳᠤᠮᠳᠠ ᠵᠢᠭᠤᠯᠴᠢᠯᠠᠯ ᠢ ᠠᠬᠢᠭᠤᠯᠬᠤ︾ ᠠᠵᠢᠯ ᠳᠤ ᠦᠢᠯᠡᠴᠢᠯᠡᠬᠦ ᠳᠤᠮᠳᠠ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠠᠵᠢᠯ ᠬᠢᠬᠦ ᠴᠤᠭ ᠵᠢᠪᠬᠤᠭ᠎ᠠ ᠪᠠᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠠᠷᠠᠯᠲᠠ ᠱᠠᠭᠠᠷᠳᠠᠯᠭ᠎ᠠ ᠲᠠᠢ ᠬᠠᠷᠢᠴᠠᠭᠤᠯᠵᠤ᠂ ᠨᠠᠷᠢᠯᠢᠭ ᠪᠤᠳᠤᠬᠤ ᠤᠬᠠᠮᠰᠠᠷ ᠢᠶᠠᠨ ᠴᠢᠩᠭᠠᠳᠬᠠᠵᠤ᠂ ᠨᠠᠮᠤᠷ ᠡᠪᠦᠯ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠪᠣᠷᠣᠯᠠᠭᠤᠯᠭ᠎ᠠ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭᠠᠨ ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠨᠠᠷᠢᠯᠢᠭ ᠨᠠᠶᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠲᠤᠬᠢᠷᠠᠭᠤᠯᠬᠤ ᠶᠢ ᠰᠠᠶᠢᠲᠤᠷ ᠠᠳᠬᠤᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠨ᠎ᠡ ᠬᠠᠷᠠᠯᠲᠠ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠮᠥᠷᠳᠡᠨ ᠵᠣᠯᠭᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠡᠯᠡᠰᠦ ᠶᠢ ᠵᠠᠰᠠᠬᠤ ᠪᠠ ᠤᠰᠤ ᠠᠷᠪᠢᠯᠠᠬᠤ ᠬᠤᠶᠠᠷ ᠠᠵᠢᠯ ᠢ ᠰᠠᠶᠢᠲᠤᠷ ᠬᠢᠵᠦ᠂ ᠬᠠᠲᠤᠨ ᠭᠤᠤᠯ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠬᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠱᠠᠯᠠᠪᠳᠠᠨ ᠠᠬᠢᠭᠤᠯᠵᠤ᠂ ᠲᠦᠷᠭᠡᠨ ᠬᠥᠳᠡᠯᠦᠯᠴᠡᠨ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠭᠦᠢᠴᠡᠳ ᠪᠡᠯᠡᠳᠬᠡᠯ ᠬᠢᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠢᠷᠡᠬᠦ ᠵᠢᠯ ᠤᠨ ᠠᠵᠢᠯ ᠢᠶᠠᠨ ᠡᠷᠲᠡᠬᠡᠨ ᠲᠥᠯᠥᠪᠵᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠨᠠᠷ ᠰᠠᠶᠢᠲᠠᠢ ᠬᠥᠭᠵᠢᠯᠲᠡ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ᠃      ᠬᠤᠷᠠᠯ ᠠᠴᠠ ᠵᠠᠬᠢᠳᠠᠯ ᠰᠤᠷᠪᠤᠯᠵᠢᠯᠠᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ︽ᠵᠠᠬᠢᠳᠠᠯ ᠰᠤᠷᠪᠤᠯᠵᠢᠯᠠᠯ ᠤᠨ ᠠᠵᠢᠯ ᠤᠨ ᠲᠦᠷᠢᠮ︾ ᠪᠣᠯᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠰᠠᠨᠠᠯ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠪᠠ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠶᠢ ᠪᠤᠢ ᠪᠣᠯᠭᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠠᠵᠢᠯ ᠶᠠᠪᠤᠳᠠᠯ ᠭᠦᠢᠴᠡᠳᠬᠡᠬᠦ ᠳᠤ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ