ᠮᠠᠨ ᠤ ᠬᠤᠳᠠ ᠬᠠᠯᠠᠭᠤᠨ ᠲᠤᠯᠠᠭᠠᠨ ᠢᠨᠵᠧᠨᠧᠷᠢᠩ ᠤᠨ ᠠᠵᠢᠯ ᠢ ᠪᠦᠬᠦ ᠲᠠᠯ᠎ᠠ ᠪᠠᠷ ᠲᠠᠭᠤᠰᠬᠠᠪᠠ
ᠨᠡᠶᠢᠲᠡᠯᠡᠭᠰᠡᠨ ᠴᠠᠭ᠄
2024/10/15
      ᠲᠠᠪᠤᠨ ᠰᠠᠷ᠎ᠠ ᠭᠠᠷᠤᠶ ᠶᠢᠨ ᠪᠠᠴᠢᠮ ᠶᠠᠭᠠᠷᠠᠯᠲᠠᠢ ᠪᠠᠷᠢᠯᠭ᠎ᠠ ᠶᠢ ᠥᠩᠭᠡᠷᠡᠭᠦᠯᠦᠭᠡᠳ᠂ ᠮᠠᠨ ᠤ ᠬᠤᠲᠠ ᠶᠢᠨ ᠬᠠᠯᠠᠭᠤᠨ ᠳᠤᠯᠠᠭᠠᠨ ᠢᠨᠵᠧᠨᠧᠷᠢᠩ ᠢ ᠣᠲᠣ ᠨᠢᠭᠡᠨᠲᠡ ᠪᠥᠬᠦ ᠲᠠᠯ᠎ᠠ ᠪᠠᠷ ᠳᠠᠭᠤᠰᠬᠠᠪᠠ᠃      ᠯᠢᠨ ᠾᠧ ᠲᠣᠭᠤᠷᠢᠭ ᠤᠨ ᠬᠤᠶᠢᠲᠤ ᠵᠠᠮ ᠤᠨ ᠣᠶᠢᠷ᠎ᠠ ᠬᠠᠪᠢ ᠶᠢᠨ ᠤᠢ ᠰᠢᠭᠤᠶ ᠶᠢᠨ ᠰᠢᠨᠵᠢᠯᠡᠬᠦ ᠤᠬᠠᠭᠠᠨ ᠤ ᠭᠤᠳᠤᠮᠵᠢ ᠶᠢ ᠪᠦᠲᠦᠭᠡᠨ ᠪᠠᠶᠢᠭᠤᠯᠬᠤ ᠳᠠᠭᠠᠨ᠂ ᠠᠳᠡᠬᠢ ᠢᠯᠴᠢ ᠬᠠᠩᠭᠠᠬᠤ ᠬᠤᠶᠠᠳᠤᠭᠠᠷ ᠤᠳᠠᠭᠠᠨ ᠤ ᠬᠤᠭᠤᠯᠠᠶ ᠶᠢᠨ ᠲᠣᠣᠷ ᠢ ᠥᠭᠡᠷᠡᠴᠢᠯᠡᠬᠦ ᠲᠥᠷᠥᠯ ᠵᠦᠢᠯ ᠨᠢᠭᠡᠨᠲᠡ ᠳᠠᠭᠤᠰᠴᠤ᠂ ᠭᠤᠳᠤᠮᠵᠢ ᠶᠢᠨ ᠵᠠᠮ ᠨᠢᠭᠡᠨᠲᠡ ᠰᠡᠷᠭᠦᠪᠡ᠃ ᠰᠠᠭᠤᠭᠠᠯᠢ ᠠᠷᠠᠳ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠡᠷ ᠤᠨ ᠡᠭᠦᠳᠡᠨ ᠳᠠᠬᠢ ᠬᠤᠭᠤᠯᠠᠶ ᠶᠢᠨ ᠲᠣᠤᠷ ᠢ ᠥᠭᠡᠷᠡᠴᠢᠯᠡᠬᠦ ᠠᠵᠢᠯ ᠳᠠᠭᠤᠰᠤᠭᠰᠠᠨ ᠢ ᠦᠵᠡᠭᠡᠳ ᠮᠠᠰᠢ ᠪᠠᠶᠠᠷᠯᠠᠵᠤ ᠪᠠᠶᠢᠨ᠎ᠠ᠃ ︽ᠬᠠᠭᠤᠴᠢᠨ ᠬᠤᠭᠤᠯᠠᠢ ᠶᠢ ᠪᠦᠬᠦᠨ ᠢ ᠨᠡᠩ ᠪᠦᠳᠦᠭᠦᠯᠢᠭ ᠨᠡᠩ ᠰᠠᠶᠢᠨ ᠰᠢᠨ᠎ᠡ ᠬᠤᠭᠤᠯᠠᠢ ᠪᠣᠯᠭᠠᠨ ᠰᠣᠯᠢᠵᠤ᠂ ᠭᠤᠳᠤᠮᠵᠢ ᠶᠢᠨ ᠵᠠᠮ ᠳᠤ ᠪᠠᠰᠠ ᠠᠵᠢᠯᠯᠠᠬᠤ ᠲᠣᠭᠤᠰᠬ᠎ᠠ ᠳᠡᠪᠢᠰᠴᠦ᠂ ᠳᠤᠯᠠᠭᠠᠯᠠᠭ᠎ᠠ ᠪᠠ ᠭᠠᠳᠠᠭᠰᠢ ᠭᠠᠷᠬᠤ ᠨᠢ ᠨᠡᠩ ᠪᠠᠲᠤᠯᠠᠭ᠎ᠠ ᠲᠠᠢ ᠪᠣᠯᠵᠠᠢ︾ ᠭᠡᠵᠦ ᠬᠡᠯᠡᠪᠡ᠃      ᠯᠢᠨ ᠾᠧ ᠲᠣᠭᠤᠷᠢᠭ ᠤᠨ ᠲᠡᠮᠦᠷᠯᠢᠭ ᠤᠨ ᠰᠠᠭᠤᠭᠠᠯᠢ ᠲᠣᠭᠤᠷᠢᠭ ᠲᠤ ᠣᠷᠣᠬᠤ ᠳᠤ᠂ ᠴᠣ ᠰᠢᠨ᠎ᠡ ᠵᠠᠮ ᠤᠨ ᠭᠠᠳᠠᠷᠭᠤ ᠨᠢ ᠠᠰᠠᠷ ᠤᠨ ᠡᠭᠦᠳᠡᠨ ᠳᠤ ᠨᠡᠪᠲᠡᠷᠡᠵᠦ᠂ ᠠᠰᠠᠷ ᠤᠨ ᠭᠤᠳᠤᠮᠵᠢ ᠳᠤ ᠨᠢᠭᠡᠨ ᠪᠦᠯᠦᠭ ᠴᠣ ᠰᠢᠨ᠎ᠡ ᠠᠰᠠᠷ ᠤᠨ ᠵᠠᠮ ᠲᠡᠷᠢ ᠲᠡᠭᠰᠢ ᠵᠢᠭᠰᠠᠵᠤ ᠪᠠᠶᠢᠯ᠎ᠠ᠃ ᠰᠠᠭᠤᠭᠠᠯᠢ ᠠᠷᠠᠳ ᠬᠡᠯᠡᠭᠰᠡᠨ ᠨᠢ᠄ ︽ᠳᠤᠯᠠᠭᠠᠯᠠᠭ᠎ᠠ ᠬᠠᠩᠭᠠᠬᠤ ᠬᠤᠭᠤᠯᠠᠶ ᠪᠣᠯᠤᠨ ᠳᠤᠯᠠᠭᠠᠮᠵᠢ ᠪᠦᠷ ᠬᠤᠪᠢᠷᠠᠵᠤ᠂ ᠪᠢᠳᠡᠨ ᠤ ᠰᠡᠳᠬᠢᠯ ᠳᠤ ᠳᠤᠯᠠᠭᠠᠬᠠᠨ ᠪᠠᠶᠢᠨ᠎ᠠ︾ ᠭᠡᠪᠡ᠃      ᠡᠨᠡ ᠬᠤᠶᠠᠷ ᠡᠳᠦᠷ᠂ ᠮᠠᠨ ᠤ ᠬᠤᠲᠠ ᠶᠢᠨ ᠡᠯ᠎ᠡ ᠲᠣᠮᠣ ᠢᠯᠴᠢ ᠬᠠᠩᠭᠠᠬᠤ ᠺᠣᠮᠫᠠᠨᠢ ᠶᠢᠨ ᠠᠵᠢᠯᠴᠢᠳ ᠴᠥᠮ ᠨᠢᠭᠡᠨᠲᠡ ᠰᠢᠨᠡᠳᠬᠡᠨ ᠥᠭᠡᠷᠡᠴᠢᠯᠡᠭᠰᠡᠨ ᠢᠯᠴᠢ ᠰᠣᠯᠢᠯᠴᠠᠬᠤ ᠥᠷᠲᠡᠭᠡᠨ ᠳᠤ ᠶᠠᠭᠠᠷᠠᠯᠳᠤᠵᠤ᠂ ᠣᠯᠠᠨ ᠢᠶᠠᠷ ᠢᠶᠠᠨ ᠰᠢᠨ᠎ᠡ ᠪᠠᠷ ᠨᠡᠮᠡᠵᠦ ᠣᠷᠣᠭᠤᠯᠤᠭᠰᠠᠨ ᠤᠰᠤ ᠬᠠᠩᠭᠠᠬᠤ ᠬᠤᠭᠤᠯᠠᠶ᠂ ᠨᠡᠭᠡᠯᠡᠬᠡᠶ᠂ ᠢᠯᠴᠢ ᠰᠣᠯᠢᠯᠴᠠᠬᠤ ᠮᠠᠰᠢᠨ ᠴᠣᠭᠴᠠᠯᠠᠪᠤᠷᠢ ᠶᠢᠨ ᠲᠥᠬᠦᠭᠡᠷᠦᠮᠵᠢ ᠶᠢᠨ ᠠᠵᠢᠯᠯᠠᠭᠠᠨ ᠤ ᠲᠤᠭ᠎ᠠ ᠪᠠᠷᠢᠮᠲᠠ ᠶᠢ ᠪᠠᠶᠢᠴᠠᠭᠠᠨ ᠦᠵᠡᠪᠡ᠃ ᠶᠠᠩ ᠭᠤᠸᠠᠩ ᠡᠨᠧᠷᠭᠢ ᠶᠢᠨ ᠢᠯᠴᠢ ᠬᠠᠩᠭᠠᠬᠤ ᠡᠵᠡᠩᠨᠡᠯᠲᠡ ᠶᠢᠨ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ︽ᠮᠠᠨ ᠤ ᠶᠡᠷᠦᠩᠬᠡᠶ ᠢᠯᠴᠢ ᠬᠠᠩᠭᠠᠬᠤ ᠲᠠᠯᠠᠪᠠᠶ ᠪᠣᠯ 2188 ᠲᠦᠮᠡᠨ ᠲᠡᠭᠰᠢ ᠳᠥᠷᠪᠡᠯᠵᠢᠨ  ᠮᠧᠲᠷ  ᠪᠠᠶᠢᠵᠤ᠂ ᠢᠯᠴᠢ ᠬᠠᠩᠭᠠᠬᠤ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠨᠢᠭᠡᠳᠦᠭᠡᠷ ᠳᠡᠰ ᠤᠨ ᠬᠤᠭᠤᠯᠠᠶ ᠶᠢᠨ ᠲᠣᠤᠷ ᠪᠠ ᠬᠤᠶᠠᠳᠤᠭᠠᠷ ᠳᠡᠰ ᠤᠨ ᠬᠤᠭᠤᠯᠠᠶ ᠶᠢᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ ᠶᠢᠨ ᠬᠠᠮᠲᠤ 22 ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠡᠭᠦᠨ ᠳᠤ 14 ᠰᠠᠭᠤᠷᠢ ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ 8 ᠰᠠᠭᠤᠷᠢ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠪᠠᠰᠠ ᠶᠢᠨ ᠴᠢᠦ ᠬᠤᠸᠠ ᠴᠧᠩ A ᠲᠣᠭᠤᠷᠢᠭ᠂ B ᠲᠣᠭᠤᠷᠢᠭ ᠲᠤ ᠣᠶᠤᠨᠴᠢ ᠢᠯᠴᠢ ᠬᠠᠩᠭᠠᠬᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠪᠡ︾ ᠭᠡᠵᠡᠶ᠃      ᠠᠷᠠᠳ ᠤᠨ ᠠᠮᠢᠳᠤᠷᠠᠯ ᠤᠨ ᠳᠤᠯᠠᠭᠠᠨ ᠤ ᠬᠡᠮᠵᠢᠶ᠎ᠡ ᠬᠥᠭᠵᠢᠯᠲᠡ ᠶᠢᠨ ᠥᠨᠳᠥᠷ ᠲᠤ ᠲᠤᠯᠭᠠᠭᠤᠷᠢᠯᠠᠵᠤ᠂ ᠡᠨᠡ ᠵᠢᠯ᠂ ᠮᠠᠨ ᠤ ᠬᠤᠲᠠ ︽ᠳᠤᠯᠠᠭᠠᠯᠠᠭ᠎ᠠ ᠶᠢᠨ ᠠᠵᠢᠯ ᠢ ᠳᠠᠷᠦ᠋ᠢᠬᠠᠨ ᠡᠬᠢᠯᠡᠭᠦᠯᠬᠦ︾ ᠱᠠᠭᠠᠷᠳᠠᠯᠭ᠎ᠠ ᠶᠣᠰᠣᠭᠠᠷ᠂ ︽ᠢᠯᠴᠢ ᠶᠢᠨ ᠢᠷᠡᠯᠲᠡ ᠶᠢ ᠴᠢᠩᠭᠠᠳᠬᠠᠬᠤ᠂ ᠢᠯᠴᠢ ᠶᠢᠨ ᠲᠣᠤᠷ ᠢ ᠰᠢᠨᠡᠳᠬᠡᠬᠦ ᠶᠢ ᠲᠦᠷᠭᠡᠳᠬᠡᠬᠦ᠂ ᠢᠯᠴᠢ ᠶᠢᠨ ᠲᠣᠤᠷ ᠤᠨ ᠲᠠᠰ ᠳᠡᠪᠰᠢᠬᠦ ᠶᠢ ᠠᠬᠢᠭᠤᠯᠬᠤ᠂ ᠬᠡᠷᠡᠭᠯᠡᠭᠴᠢ ᠶᠢᠨ ᠦᠵᠦᠭᠦᠷ ᠤᠨ ᠥᠭᠡᠷᠡᠴᠢᠯᠡᠯᠲᠡ ᠶᠢ ᠠᠬᠢᠭᠤᠯᠬᠤ᠂ ᠤᠶᠤᠨᠴᠢᠯᠠᠭᠰᠠᠨ ᠪᠠᠶᠢᠭᠤᠯᠤᠯᠲᠠ ᠶᠢ ᠠᠬᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠲᠡᠭᠦᠯᠳᠡᠷᠵᠢᠭᠦᠯᠬᠦ᠂ ᠠᠷᠢᠭᠤᠨ ᠴᠡᠪᠡᠷ ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠬᠦ︾ ᠲᠤᠯᠤᠭᠠᠨ ᠭᠤᠤᠯᠳᠠᠯᠭ᠎ᠠ ᠶᠢ ᠡᠵᠡᠮᠳᠡᠵᠦ᠂ ᠪᠥᠬᠦ ᠬᠤᠲᠠ ᠶᠢᠨ ᠬᠡᠪᠴᠢᠶᠡᠨ ᠳᠤ 21 ᠬᠠᠯᠠᠭᠤᠨ ᠳᠤᠯᠠᠭᠠᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠪᠡ᠃ ︽ᠣᠳᠣᠬᠠᠨ ᠪᠣᠯᠲᠠᠯ᠎ᠠ᠂ ᠮᠠᠨ ᠤ ᠬᠤᠲᠠ ᠶᠢᠨ 2024 ᠣᠨ ᠤ ᠳᠤᠯᠠᠭᠠᠯᠠᠭ᠎ᠠ ᠶᠢᠨ ᠢᠨᠵᠧᠨᠧᠷᠢᠩ ᠢ ᠨᠢᠭᠡᠨᠲᠡ ᠪᠥᠬᠦ ᠲᠠᠯ᠎ᠠ ᠪᠠᠷ ᠳᠠᠭᠤᠰᠬᠠᠵᠤ᠂ ᠨᠢᠭᠡᠳᠦᠭᠡᠷ ᠳᠡᠰ ᠤᠨ ᠬᠤᠭᠤᠯᠠᠶ ᠶᠢᠨ ᠲᠣᠤᠷ ᠢ 20.16  ᠺᠢᠯᠣᠮᠧᠲᠷ᠂ ᠬᠤᠶᠠᠳᠤᠭᠠᠷ ᠳᠡᠰ ᠤᠨ ᠬᠤᠭᠤᠯᠠᠶ ᠶᠢᠨ ᠲᠣᠤᠷ ᠢ 158.78  ᠺᠢᠯᠣᠮᠧᠲᠷ ᠰᠢᠨᠡᠳᠭᠡᠨ ᠥᠭᠡᠷᠡᠴᠢᠯᠡᠬᠦ ᠶᠢ ᠪᠡᠶᠡᠯᠡᠭᠦᠯᠪᠡ︔ ᠢᠯᠴᠢ ᠰᠣᠯᠢᠯᠴᠠᠬᠤ ᠥᠷᠲᠡᠭᠡ ᠶᠢ 175 ᠪᠠᠶᠢᠭᠤᠯᠵᠤ᠂ 23 ᠢᠯᠴᠢ ᠰᠣᠯᠢᠬᠤ ᠥᠷᠲᠡᠭᠡ ᠶᠢ ᠰᠢᠨ᠎ᠡ ᠪᠠᠷ ᠪᠠᠶᠢᠭᠤᠯᠪᠠ︔ ᠬᠡᠷᠡᠭᠯᠡᠭᠴᠢ ᠶᠢᠨ ᠦᠵᠦᠭᠦᠷ ᠢ 11341 ᠡᠷᠦᠬᠡ ᠤᠷᠲᠤᠳᠬᠠᠨ ᠥᠭᠡᠷᠡᠴᠢᠯᠡᠪᠡ︔ ᠬᠥᠳᠡᠭᠡ ᠲᠣᠰᠬᠤᠨ ᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠥᠭᠡᠷᠡᠴᠢᠯᠡᠯᠲᠡ ᠶᠢ ᠵᠡᠷᠭᠡᠪᠡᠷ ᠪᠡᠶᠡᠯᠡᠭᠦᠯᠪᠡ᠃ ᠵᠠᠯᠭᠠᠭᠠᠳ᠂ ᠪᠢᠳᠡ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠨ᠎ᠠ︾ ᠭᠡᠵᠡᠶ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠵᠠᠢ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ