10 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ︽ᠳᠤᠮᠳᠠᠳᠤ ᠤᠯᠤᠰ ᠤᠨ ᠡᠮᠡᠭᠲᠡᠶᠢᠴᠦᠳ ᠤᠨ ᠰᠣᠨᠢᠨ︾ ︵ᠪᠥᠬᠦ ᠤᠯᠤᠰ ᠤᠨ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠰᠦᠯᠵᠢᠶᠡᠨ ᠤ ᠮᠡᠳᠡᠭᠡ ᠵᠠᠩᠭᠢ ᠳᠠᠮᠵᠢᠭᠤᠯᠬᠤ ᠲᠥᠪ︶ ᠤᠨ ᠳᠠᠷᠤᠭ᠎ᠠ᠂ ᠶᠡᠷᠦᠩᠬᠡᠶ ᠨᠠᠶᠢᠷᠠᠭᠤᠯᠤᠭᠴᠢ ᠰᠦᠨ ᠴᠢᠶᠠᠨ | ᠪᠢᠨ ᠨᠠᠷ ᠪᠠᠶᠠᠨᠨᠠᠭᠤᠷ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠪᠠ᠃ | ᠯᠢᠨ ᠾᠧ ᠲᠣᠭᠤᠷᠢᠭ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠪᠣᠷᠣᠲᠣᠬᠤᠢ ᠶᠢᠨ ᠰᠣᠶᠣᠯ ᠤᠨ | ᠮᠦᠽᠧᠢ ᠶᠢᠨ ᠬᠦᠷᠢᠶᠡᠯᠡᠩ᠂ ᠯᠢᠨ ᠾᠧ ᠲᠣᠭᠤᠷᠢᠭ ᠤᠨ ᠵᠢᠶᠠᠩ ᠯᠢᠨ ᠨᠡᠶᠢᠭᠡᠮ ᠲᠣᠭᠤᠷᠢᠭ᠂ ᠪᠠᠶᠠᠨᠨᠠᠭᠤᠷ ᠬᠤᠳᠠ ᠶᠢᠨ ᠬᠠᠮ ᠵᠠᠭᠤᠴᠢᠯᠠᠭᠤᠷ ᠤᠨ ᠲᠥᠪ ᠲᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠰᠦᠨ ᠴᠢᠶᠠᠨ ᠪᠢᠨ ᠪᠣᠷᠣᠲᠣᠬᠤᠢ ᠶᠢᠨ ᠰᠣᠶᠣᠯ ᠢ ᠤᠯᠠᠮᠵᠢᠯᠠᠨ ᠬᠥᠭᠵᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ | ᠣᠶᠢᠯᠠᠭᠠᠵᠤ᠂ ᠵᠢᠶᠠᠩ ᠯᠢᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠨᠠᠮ ᠤᠨ ᠪᠠᠶᠢᠭᠤᠯᠤᠯᠲᠠ ᠪᠠᠷ ᠡᠮᠡᠭᠲᠡᠶᠢᠴᠦᠳ ᠤᠨ | ᠪᠠᠶᠢᠭᠤᠯᠤᠯᠲᠠ ᠶᠢ ᠳᠠᠶᠢᠴᠢᠯᠠᠬᠤ᠂ ᠡᠮᠡᠭᠲᠡᠶᠢᠴᠦᠳ ᠤᠨ ᠪᠠᠶᠢᠭᠤᠯᠤᠯᠲᠠ ᠶᠢ ᠠᠬᠢᠭᠤᠯᠵᠤ ᠨᠠᠮ ᠤᠨ ᠪᠠᠶᠢᠭᠤᠯᠤᠯᠲᠠ ᠶᠢ ᠠᠬᠢᠭᠤᠯᠬᠤ ᠠᠵᠢᠯ ᠢ ᠯᠠᠪᠳᠠᠭᠤᠨ ᠪᠠᠲᠤᠲᠠᠢ | ᠪᠦᠲᠦᠮᠵᠢᠲᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ | ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ᠂ ︽ | ᠪᠠᠭᠪᠠᠭᠠᠢ ᠴᠡᠴᠡᠭ︾ ᠤᠨ ᠬᠢᠴᠢᠶᠡᠯ ᠤᠨ ᠲᠠᠩᠬᠢᠮ ᠵᠢᠴᠢ ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ ᠵᠡᠷᠭᠡ ᠠᠵᠢᠯ ᠢ ᠭᠦᠢᠴᠡᠳ ᠨᠤᠲᠠᠯᠠᠬᠤ ᠶᠢᠨ ᠬᠠᠮᠲᠤ ︽3 | · 8︾ ᠤ ᠤᠯᠠᠭᠠᠨ ᠲᠤᠭᠴᠢ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠴᠢ᠂ ᠡᠷᠬᠡ ᠪᠠᠨ ᠬᠠᠮᠠᠭᠠᠯᠠᠬᠤ ᠠᠵᠢᠯᠲᠠᠨ᠂ ᠡᠮᠡᠭᠲᠡᠢ ᠶᠢᠨ ᠪᠠᠶᠠᠵᠢᠯ ᠤᠨ | ᠳᠠᠭᠠᠭᠤᠯᠤᠭᠴᠢ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠤᠭᠤᠳᠤᠬᠴᠢ ᠵᠡᠷᠭᠡ ᠲᠥᠯᠥᠭᠡᠯᠡᠭᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠤᠷᠠᠳ ᠤᠨ ᠬᠤᠶᠢᠲᠤ ᠬᠤᠰᠢᠭᠤᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠠᠢ ᠱᠠᠩ ᠨᠡᠶᠢᠭᠡᠮ ᠲᠣᠭᠤᠷᠢᠭ᠂ | ᠨᠢᠭᠡᠳᠦᠭᠡᠷ ᠬᠡᠦᠬᠡᠳ ᠤᠨ ᠴᠡᠴᠡᠷᠯᠢᠭ᠂ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ ᠶᠢᠨ ︽ᠭᠠᠷᠠᠭ ᠤᠨ ᠰᠡᠭᠦᠯᠴᠢ ᠶᠢᠨ ᠡᠵᠢ︾ ᠶᠢᠨ ᠳᠡᠯᠭᠡᠨ ᠦᠵᠡᠭᠦᠯᠬᠦ | ᠦᠢᠯᠡᠳᠦᠯᠭᠡ ᠶᠢᠨ ᠰᠠᠭᠤᠷᠢᠨ ᠳᠤ ᠭᠦᠨᠵᠡᠭᠡᠶᠢᠷᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ | ᠰᠠᠨᠳᠠᠯᠢ ᠶᠢᠨ ᠬᠤᠷᠠᠯ ᠢ ᠤᠬᠠᠭᠤᠯᠤᠨ ᠲᠠᠶᠢᠯᠪᠤᠷᠢᠯᠠᠬᠤ︾᠂ ᠨᠣᠮ ᠤᠩᠰᠢᠬᠤ ᠬᠤᠷᠠᠯ᠂ ︽ᠨᠢᠭᠡ ᠮᠧᠲᠷ ᠤᠨ ᠳᠡᠭᠡᠳᠦ ᠬᠡᠮᠵᠢᠶ᠎ᠡ ᠪᠠᠷ ᠶᠢᠷᠲᠢᠨᠴᠦ ᠶᠢ ᠦᠵᠡᠬᠦ︾ | ᠬᠡᠦᠬᠡᠳ ᠤᠨ ᠨᠥᠬᠦᠷᠰᠡᠭ ᠬᠠᠷᠠᠭᠠᠰᠤ᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠪᠣᠯᠤᠨ ᠡᠮᠡᠭᠲᠡᠶᠢᠴᠦᠳ ᠤᠨ ᠰᠠᠶᠢᠨ ᠳᠤᠷ᠎ᠠ ᠶᠢᠨ | ᠦᠢᠯᠡᠴᠢᠯᠡᠭᠡ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ ᠰᠤᠷᠪᠤᠯᠵᠢᠯᠠᠪᠠ᠃ ᠰᠦᠨ ᠴᠢᠶᠠᠨ ᠪᠢᠨ ︽ᠨᠢᠭᠡ ᠮᠧᠲᠷ ᠢᠶᠠᠷ ᠳᠡᠯᠡᠬᠡᠶ ᠳ᠋ᠠᠬᠢᠨ ᠢ ᠳᠡᠭᠡᠳᠦ | ᠬᠡᠮᠵᠢᠶ᠎ᠡ ᠪᠠᠷ ᠦᠵᠡᠬᠦ︾ ᠬᠡᠤᠬᠡᠳ ᠤᠨ ᠨᠥᠬᠦᠷᠰᠡᠭ ᠬᠠᠷᠠᠭᠠᠨ ᠤ ᠠᠵᠢᠯ ᠢ ᠭᠦᠢᠴᠡᠳ ᠨᠤᠲᠠᠯᠠᠵᠤ᠂ ︽ᠭᠠᠷᠠᠭ ᠤᠨ ᠰᠡᠭᠦᠯᠴᠢ ᠶᠢᠨ ᠡᠵᠢ︾ ᠶᠢᠨ ᠬᠠᠶᠢᠷ᠎ᠠ | ᠰᠡᠳᠬᠢᠯᠭᠡ ᠶᠢᠨ ᠦᠯᠢᠭᠡᠷ ᠬᠥᠮᠦᠰ ᠢ ᠪᠢᠰᠢᠷᠡᠭᠦᠯᠵᠦ ᠳᠣᠭᠳᠣᠯᠤᠭᠤᠯᠤᠮ᠎ᠠ ᠪᠥᠭᠡᠳ ︽ᠭᠠᠷᠠᠭ ᠤᠨ ᠰᠡᠭᠦᠯᠴᠢ ᠶᠢᠨ ᠡᠵᠢ︾ ᠶᠢᠨ ᠲᠥᠯᠥᠭᠡᠯᠡᠭᠴᠢ ᠶᠢ ᠭᠦᠨᠵᠡᠭᠡᠶ | ᠰᠤᠷᠪᠤᠯᠵᠢᠯᠠᠪᠠ᠃ | ᠳ᠋ᠧᠩᠺᠸᠤ ᠰᠢᠶᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠠᠶᠠᠨᠭᠤᠣᠯ ᠪᠠᠯᠭᠠᠰᠤᠨ ᠤ ᠾᠧ ᠫᠢᠩ ᠨᠡᠶᠢᠭᠡᠮ ᠲᠣᠭᠤᠷᠢᠭ᠂ | ᠴᠧᠩ ᠭᠤᠸᠠᠨ ᠲᠣᠰᠬᠤᠨ᠂ ᠬᠠᠳᠤᠨ ᠭᠤᠣᠯ ᠤᠨ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ᠂ ᠹᠠᠨ ᠼᠦᠢ ᠮᠧᠢ ᠶᠢᠨ ᠭᠦᠢᠴᠡᠳᠬᠡᠬᠦ ᠵᠥᠪᠯᠡᠯ ᠤᠨ | ᠠᠵᠢᠯᠯᠠᠬᠤ ᠲᠠᠰᠤᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ᠂ ᠡᠮᠡᠭᠲᠡᠶᠢᠴᠦᠳ ᠤᠨ | ᠬᠤᠯᠪᠣᠭ᠎ᠠ ᠶᠢᠨ ᠭᠦᠢᠴᠡᠳᠬᠡᠬᠦ ᠵᠥᠪᠯᠡᠯ ᠤᠨ ᠦᠢᠯᠡᠳᠦᠯ ᠢ ᠪᠠᠳᠠᠷᠠᠭᠤᠯᠬᠤ᠂ ᠡᠮᠡᠭᠲᠡᠶᠢᠴᠦᠳ ᠤᠨ ᠬᠤᠯᠪᠣᠭ᠎ᠠ ᠶᠢᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ | ᠨᠠᠷᠢᠨ ᠣᠶᠢᠯᠠᠭᠠᠪᠠ᠃ ᠰᠦᠨ ᠴᠢᠶᠠᠨ ᠪᠢᠨ ︽ᠤᠮᠠᠷᠠᠲᠤ ᠬᠢᠯᠢ ᠶᠢᠨ ᠵᠢᠱᠢᠶᠡᠴᠢ︾ ᠭᠦᠸᠧ ᠼᠦᠢ ᠮᠧᠶ ᠶᠢᠨ 30 ᠵᠢᠯ ᠤᠨ ᠲᠤᠷᠰᠢ ᠬᠦᠴᠢᠷᠳᠡᠯ ᠳᠤ | ᠲᠤᠯᠭᠠᠷᠠᠭᠰᠠᠨ ᠡᠮᠡᠭᠲᠡᠶᠢᠴᠦᠳ᠂ ᠬᠡᠷ ᠲᠡᠭᠡᠨ ᠬᠤᠴᠣᠷᠤᠭᠰᠠᠨ ᠬᠡᠤᠬᠡᠳ ᠵᠡᠷᠭᠡ ᠪᠠᠭᠤᠷᠠᠶᠢᠴᠤᠳ ᠢ ᠬᠠᠯᠠᠮᠵᠢᠯᠠᠨ ᠬᠠᠶᠢᠷᠠᠯᠠᠬᠤ ᠬᠥᠮᠦᠰ ᠤᠨ ᠰᠡᠳᠬᠢᠯ ᠢ ᠬᠥᠳᠡᠯᠭᠡᠮ᠎ᠡ | ᠦᠢᠯᠡ ᠠᠵᠢᠯᠯᠠᠭ᠎ᠠ ᠶᠢ ᠭᠦᠨᠵᠡᠭᠡᠶ ᠰᠤᠷᠪᠤᠯᠵᠢᠯᠠᠵᠤ᠂ ︽ᠴᠢᠪᠠᠭ᠎ᠠ ᠶᠢᠨ ᠴᠡᠴᠡᠭ︾ ᠤᠨ ᠡᠮᠡᠭᠲᠡᠶᠢᠴᠦᠳ ᠤᠨ ᠶᠡᠭᠡ ᠤᠬᠠᠭᠤᠯᠤᠨ ᠲᠠᠶᠢᠯᠪᠤᠷᠢᠯᠠᠯᠲᠠ᠂ ᠹᠠᠨ ᠼᠦᠢ | ᠮᠧᠶ ᠭᠦᠢᠴᠡᠳᠭᠡᠬᠦ ᠭᠡᠰᠢᠭᠦᠨ ᠪᠠ ︽3 · 8︾ ᠤ ᠤᠯᠠᠭᠠᠨ ᠲᠤᠭᠴᠢ ᠶᠢᠨ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠨᠤᠲᠠᠯᠠᠪᠠ᠃ ︽ᠳᠤᠮᠳᠠᠳᠤ | ᠤᠯᠤᠰ ᠤᠨ ᠡᠮᠡᠭᠲᠡᠶᠢᠴᠦᠳ ᠤᠨ ᠰᠣᠨᠢᠨ︾ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠳ᠋ᠧᠩᠺᠸᠤ ᠰᠢᠶᠠᠨ ᠤ ︽ᠴᠢᠪᠠᠭ᠎ᠠ ᠶᠢᠨ ᠴᠡᠴᠡᠭ︾ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠠᠭ᠎ᠠ | ᠠᠩᠭᠢ ᠶᠢᠨ ᠭᠡᠰᠢᠭᠦᠨ᠂ ᠴᠧᠩ ᠭᠤᠸᠠᠨ ᠲᠣᠰᠬᠤᠨ ᠤ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠭᠴᠢ ᠲᠣᠰ ᠲᠣᠰ ᠵᠢᠱᠢᠶ᠎ᠡ ᠦᠵᠡᠭᠦᠯᠦᠨ ᠤᠬᠠᠭᠤᠯᠤᠨ | ᠲᠠᠶᠢᠯᠪᠤᠷᠢᠯᠠᠬᠤ᠂ ᠴᠠᠷᠭᠢᠯ ᠬᠤᠯᠪᠣᠭ᠎ᠠ ᠶᠢᠨ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯ ᠢ ᠬᠢᠵᠦ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ | ᠰᠢᠶᠠᠨ᠂ ᠰᠢᠶᠠᠩ ᠪᠠᠯᠭᠠᠰᠤ᠂ ᠲᠣᠰᠬᠤᠨ ᠤ ︽ᠵᠢᠷᠭᠤᠭᠠᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ︾ ᠶᠢᠨ ᠺᠠᠳ᠋ᠷᠴᠤᠳ ᠡᠮᠡᠭᠲᠡᠶᠢᠴᠦᠳ ᠤᠨ ᠬᠤᠯᠪᠣᠭ᠎ᠠ ᠶᠢᠨ | ᠦᠢᠯᠡᠴᠢᠯᠡᠭᠡ ᠶᠢ ᠬᠥᠲᠥᠯᠥᠨ ᠳᠠᠭᠠᠭᠤᠯᠵᠤ ᠬᠠᠷᠢᠯᠴᠠᠬᠤ ᠡᠭᠦᠷᠭᠡ ᠴᠢᠳᠠᠪᠤᠷᠢ ᠶᠢ ᠪᠠᠳᠠᠷᠠᠭᠤᠯᠬᠤ᠂ ᠡᠮᠡᠭᠲᠡᠶᠢᠴᠦᠳ ᠬᠡᠤᠬᠡᠳ ᠤᠨ ᠦᠢᠯᠡᠰ ᠤᠨ ᠬᠥᠭᠵᠢᠯᠲᠡ ᠶᠢ | ᠠᠬᠢᠭᠤᠯᠬᠤ ᠶᠢᠨ ᠲᠣᠭᠤᠷᠢᠨ ᠳᠤ ᠭᠦᠨᠵᠡᠭᠡᠶ ᠶᠠᠷᠢᠯᠴᠠᠨ ᠰᠣᠯᠢᠯᠴᠠᠪᠠ᠃ | ᠳᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠲᠠᠪᠤᠨ | ᠳᠡᠭᠡᠳᠦ ᠲᠠᠪᠤᠨ ᠲᠣᠭᠤᠷᠢᠭ︾ ᠢ ᠪᠠᠶᠢᠭᠤᠯᠬᠤ ᠲᠡᠮᠡᠴᠡᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠦᠨᠳᠦᠰᠦᠨ ᠱᠠᠲᠤᠨ ᠳᠤ | ᠰᠠᠭᠤᠷᠢᠯᠠᠵᠤ᠂ ᠡᠮᠡᠭᠲᠡᠶᠢᠴᠦᠳ ᠲᠤ ᠦᠢᠯᠡᠴᠢᠯᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠦᠲᠦᠮᠵᠢᠲᠡᠢ ᠪᠠᠳᠠᠷᠠᠭᠤᠯᠵᠤ᠂ ᠣᠳᠣᠬᠢᠴᠢᠯᠠᠭᠰᠠᠨ | ᠪᠠᠶᠠᠨᠨᠠᠭᠤᠷ ᠢ ᠪᠦᠲᠦᠭᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ᠃ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠭᠦᠸᠧ | ᠵᠢᠩ ᠯᠢ᠂ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠾᠧ ᠯᠢᠶᠠᠨ ᠬᠤᠢ᠂ ᠬᠤᠳᠠ ᠶᠢᠨ | ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠬᠤᠢ ᠷᠦᠩ ᠵᠢᠴᠢ ᠯᠢᠨ ᠾᠧ ᠲᠣᠭᠤᠷᠢᠭ᠂ | ᠤᠷᠠᠳ ᠤᠨ ᠬᠤᠶᠢᠲᠤ ᠬᠤᠰᠢᠭᠤ᠂ ᠳ᠋ᠧᠩᠺᠸᠤ ᠰᠢᠶᠠᠨ ᠤ ᠬᠤᠯᠪᠣᠭᠳᠠᠯ ᠪᠦᠬᠦᠢ ᠤᠳᠤᠷᠢᠳᠤᠯᠭ᠎ᠠ ᠲᠤᠰ ᠲᠤᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |