ᠮᠠᠨ ᠤ ᠬᠤᠳᠠ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ︾ | ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠶᠢᠨ ᠪᠦᠳᠦᠭᠡᠨ ᠪᠠᠶᠢᠭᠤᠯᠤᠯᠳᠠ ᠶᠢ ᠴᠢᠨᠠᠷ ᠰᠠᠶᠢᠲᠠᠢ ᠠᠭᠢᠭᠤᠯᠤᠨ᠂ ᠬᠠᠳᠤᠨ ᠭᠤᠣᠯ ᠤᠨ ︽ᠲᠤᠬᠤᠢ︾ | ᠶᠢᠨ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠣᠭᠤᠭᠠᠨ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ | | ᠤᠷᠠᠳ ᠤᠨ ᠳᠤᠮᠳᠠᠳᠤ ᠬᠤᠰᠢᠭᠤᠨ ᠤ ᠰᠢᠬ᠎ᠠ ᠭᠤᠤᠯ ᠪᠠᠯᠭᠠᠰᠤᠨ ᠤ ᠮᠤᠨᠢ ᠠᠭᠤᠯᠠ ᠶᠢᠨ ᠠᠷᠤ ᠬᠤᠷᠮᠣᠢ ᠶᠢᠨ ᠲᠥᠷᠥᠯ ᠵᠦᠢᠯ ᠤᠨ ᠲᠣᠭᠤᠷᠢᠭ ᠲᠤ᠂ | ᠤᠷᠭᠤᠮᠠᠯ ᠤᠨ ᠬᠤᠴᠢᠯᠭ᠎ᠠ ᠢᠭᠴᠤ ᠰᠠᠬᠤᠯᠢᠭ ᠪᠠᠶᠢᠵᠤ᠂ ᠮᠥᠷ ᠮᠥᠷ ᠵᠢᠭᠳᠡᠷᠡᠨ ᠤᠷᠭᠤᠭᠰᠠᠨ ᠬᠠᠷᠠᠭᠠᠨ᠎ᠠ ᠭᠦᠭᠡᠷᠡᠨ ᠨᠤᠭᠤᠭᠠᠷᠠᠵᠤ᠂ ᠠᠮᠢᠵᠢᠷᠠᠯ ᠤᠨ | ᠭᠦᠴᠦᠨ ᠢᠶᠠᠷ ᠪᠢᠯᠬᠠᠮ᠎ᠠ ᠬᠠᠷᠠᠭᠳᠠᠨ᠎ᠠ᠃ ᠡᠨᠡ ᠵᠢᠯ᠂ ᠰᠢᠬ᠎ᠠ ᠭᠤᠤᠯ ᠪᠠᠯᠭᠠᠰᠤ ᠲᠥᠷᠥᠯ ᠵᠦᠢᠯ ᠤᠨ ᠪᠡᠯᠡ ᠮᠥᠩᠭᠦ 1206.24 ᠲᠦᠮᠡᠨ ᠲᠦᠭᠦᠷᠢᠭ ᠢ | ᠭᠤᠶᠤᠴᠢᠯᠠᠨ ᠤᠯᠵᠤ᠂ ᠪᠠᠶᠠᠨᠨᠠᠭᠤᠷ ᠬᠤᠲᠠ ᠶᠢᠨ ᠮᠤᠨᠢ ᠠᠭᠤᠯᠠ ᠶᠢᠨ ᠠᠷᠤ ᠬᠤᠷᠮᠣᠢ ᠶᠢᠨ ᠤᠷᠠᠳ ᠤᠨ ᠳᠤᠮᠳᠠᠳᠤ ᠬᠤᠰᠢᠭᠤᠨ ᠤ 2023 ᠣᠨ ᠤ ᠠᠮᠢ | ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠭᠡᠷᠡᠭᠵᠢᠭᠦᠯᠵᠤ᠂ ᠤᠳᠤᠬᠠᠨ ᠪᠤᠯᠳᠠᠯ᠎ᠠ᠂ 86804 | ᠮᠧᠲᠷ ᠢ ᠬᠠᠰᠢᠶᠠᠯᠠᠨ ᠪᠢᠲᠡᠭᠦᠮᠵᠢᠯᠡᠵᠦ᠂ ᠬᠥᠮᠥᠨ ᠤ ᠬᠦᠴᠦ ᠪᠠᠷ ᠡᠪᠡᠰᠦ ᠲᠠᠷᠢᠭᠰᠠᠨ ᠲᠠᠯᠠᠪᠠᠶ ᠨᠢ ᠪᠠᠷᠤᠭ 3 ᠲᠦᠮᠡᠨ ᠮᠦ ᠳᠤ ᠬᠦᠷᠴᠡᠢ᠃ | ᠤᠷᠠᠳ ᠤᠨ ᠳᠤᠮᠳᠠᠳᠤ ᠬᠤᠰᠢᠭᠤᠨ ᠤ ᠰᠢᠬ᠎ᠠ ᠭᠤᠤᠯ ᠪᠠᠯᠭᠠᠰᠤᠨ ᠤ ᠳᠡᠳ᠋ ᠳᠠᠷᠤᠭ᠎ᠠ ᠰᠢᠦᠢ ᠹᠧᠢ ᠰᠤᠷᠪᠤᠯᠵᠢᠯᠠᠭᠴᠢ ᠳᠤ ᠮᠤᠨᠢ ᠠᠭᠤᠯᠠ ᠶᠢᠨ ᠠᠷᠤ | ᠬᠤᠷᠮᠣᠢ ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠲᠦᠷᠦᠯ ᠵᠤᠶᠢᠯ ᠢ ᠬᠡᠷᠡᠭᠵᠢᠭᠦᠯᠦᠭᠰᠡᠨ ᠢᠶᠠᠷ᠂ ᠰᠢᠬ᠎ᠠ ᠭᠤᠤᠯ ᠪᠠᠯᠭᠠᠰᠤᠨ ᠤ ᠤᠷᠭᠤᠮᠠᠯ ᠤᠨ | ᠬᠤᠴᠢᠯᠭ᠎ᠠ ᠶᠢᠨ ᠪᠦᠷᠬᠦᠴᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠭᠠᠵᠠᠷ ᠰᠢᠷᠣᠢ ᠶᠢᠨ ᠴᠦᠯᠦᠷᠭᠡᠭᠵᠢᠭᠦ ᠪᠠ ᠡᠯᠡᠰᠦᠵᠢᠬᠦ ᠶᠢ ᠰᠡᠷᠭᠡᠶᠢᠯᠡᠨ᠂ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠲᠡᠭᠡᠭᠰᠢᠯᠡᠭᠦᠯᠦᠭᠰᠡᠨ ᠭᠡᠪᠡ᠃ | ᠤᠷᠠᠳ ᠤᠨ ᠡᠮᠦᠨᠡᠲᠦ ᠬᠤᠰᠢᠭᠤᠨ ᠤ ᠰᠠᠭᠠᠳᠠᠭ ᠤᠨ ᠰᠦᠵᠢ ᠶᠢᠨ ᠡᠯᠡᠰᠦᠷᠬᠡᠭ ᠭᠠᠵᠠᠷ ᠲᠤ᠂ ᠠᠵᠢᠯᠴᠢᠳ ᠶᠠᠭ ᠰᠠᠶᠢᠬᠠᠨ ᠭᠤᠤ ᠭᠠᠷᠭᠠᠨ ᠡᠪᠡᠰᠦ | ᠳᠡᠪᠢᠰᠴᠦ᠂ ᠬᠥᠮᠥᠨ ᠤ ᠬᠦᠴᠦ ᠪᠠᠷ ᠡᠪᠡᠰᠤ ᠶᠢ ᠳᠥᠷᠪᠡᠯᠵᠢᠨ ᠭᠡᠯᠪᠡᠷᠢ ᠪᠠᠷ ᠳᠡᠪᠢᠰᠬᠦ ᠠᠷᠭ᠎ᠠ ᠪᠠᠷ ᠡᠯᠡᠰᠦᠨ ᠬᠠᠯᠬᠠᠪᠴᠢ ᠪᠣᠰᠬᠠᠵᠤ᠂ ᠨᠡᠭᠦᠳᠡᠯᠯᠡᠵᠤ ᠪᠠᠶᠢᠭ᠎ᠠ | ᠡᠯᠡᠰᠦᠨ ᠲᠤᠪᠤ ᠶᠢ ᠲᠤᠭᠳᠠᠪᠤᠷᠢᠵᠢᠭᠤᠯᠤᠨ᠎ᠠ᠃ ᠲᠤᠰ ᠲᠥᠷᠥᠯ ᠵᠦᠢᠯ ᠢ ᠳᠠᠭᠤᠰᠬᠠᠭᠰᠠᠨ ᠤ ᠳᠠᠷᠠᠭ᠎ᠠ᠂ ᠰᠦᠵᠢ ᠶᠢᠨ ᠡᠯᠡᠰᠦᠷᠬᠡᠭ ᠭᠠᠵᠠᠷ ᠤᠨ ᠳᠤᠮᠳᠠ ᠬᠡᠰᠡᠭ ᠤᠨ | ᠡᠮᠦᠨ᠎ᠡ ᠦᠵᠦᠭᠦᠷ ᠲᠤ 1500 ᠮᠧᠲᠷ ᠤᠷᠲᠤ᠂ 900 ᠮᠧᠲᠷ ᠤᠨ ᠥᠷᠭᠡᠨ ᠠᠮᠢ ᠠᠬᠤᠢ ᠶᠢᠨ ᠬᠠᠯᠬᠠᠪᠴᠢ ᠪᠤᠢ ᠪᠤᠯᠤᠨ᠎ᠠ᠃ ᠴᠠᠭ ᠬᠤᠭᠤᠴᠠᠭᠠᠨ ᠤ | ᠥᠩᠭᠡᠷᠡᠬᠦ ᠶᠢ ᠳᠠᠭᠠᠯᠳᠤᠨ᠂ ᠡᠪᠡᠰᠤ ᠪᠠᠷ ᠲᠠᠷᠤᠭᠰᠠᠨ ᠳᠥᠷᠪᠡᠯᠵᠢᠨ ᠭᠡᠯᠪᠡᠷᠢ ᠲᠠᠢ ᠡᠯᠡᠰᠦᠨ ᠬᠠᠯᠬᠠᠪᠴᠢ ᠨᠢ ᠠᠭᠠᠵᠢᠮ ᠢᠶᠠᠷ ᠠᠮᠢᠵᠢᠷᠠᠯ ᠤᠨ ᠬᠦᠴᠦᠨ ᠢᠶᠠᠷ | ᠪᠢᠯᠬᠠᠭᠰᠠᠨ ᠤᠷᠭᠤᠮᠠᠯ ᠪᠣᠯᠵᠤ ᠬᠤᠪᠢᠷᠠᠬᠤ ᠪᠣᠯᠣᠨ᠎ᠠ᠃ | ᠤᠷᠠᠳ ᠤᠨ ᠡᠮᠦᠨᠡᠲᠦ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠶᠢᠨ ᠠᠵᠢᠯᠲᠠᠨ ᠸᠠᠩ ᠶᠠᠨ ᠰᠤᠷᠪᠤᠯᠵᠢᠯᠠᠭᠴᠢ ᠳᠤ ᠲᠣᠰ | ᠤᠳᠠᠭᠠᠨ ᠤ ᠲᠠᠷᠢᠭᠰᠠᠨ ᠡᠯᠡᠰᠦᠨ ᠬᠠᠯᠬᠠᠪᠴᠢ ᠶᠢᠨ ᠶᠡᠷᠦᠩᠬᠡᠢ ᠲᠠᠯᠠᠪᠠᠶ ᠨᠢ 2000 ᠮᠦ᠂ ᠢᠨᠵᠧᠨᠧᠷᠢᠩ ᠨᠢ 7 ᠰᠠᠷ᠎ᠠ ᠶᠢᠨ ᠡᠬᠢᠨ ᠠᠴᠠ ᠡᠬᠢᠯᠡᠵᠦ᠂ | ᠵᠢᠱᠢᠯᠲᠡ ᠪᠠᠷ 9 ᠰᠠᠷ᠎ᠠ ᠶᠢᠨ ᠳᠤᠮᠳᠠᠴᠢ ᠪᠠᠷ ᠲᠠᠭᠤᠰᠤᠨ᠎ᠠ ᠭᠡᠪᠡ᠃ | ᠣᠶᠢᠯᠠᠭᠠᠭᠰᠠᠨ ᠢᠶᠠᠷ᠂ ᠤᠷᠠᠳ ᠤᠨ ᠡᠮᠦᠨᠡᠲᠦ ᠬᠤᠰᠢᠭᠤᠨ ᠤ ᠰᠦᠵᠢ ᠶᠢᠨ ᠡᠯᠡᠰᠦᠷᠬᠡᠭ ᠭᠠᠵᠠᠷ ᠤᠨ ᠲᠠᠯᠠᠪᠠᠶ 60 ᠲᠦᠮᠡᠨ ᠮᠦ ᠳᠤ ᠬᠦᠷᠴᠦ᠂ | ᠲᠤᠬᠠᠢ ᠶᠢᠨ ᠭᠠᠵᠠᠷ ᠤᠨ ᠬᠢᠨ ᠡᠯᠡᠰᠦ ᠶᠢ ᠪᠢᠲᠡᠭᠦᠮᠵᠢᠯᠡᠨ ᠣᠶ ᠮᠣᠳᠣ ᠪᠣᠶᠢᠵᠢᠭᠤᠯᠬᠤ᠂ ᠨᠤᠲᠤᠭ ᠪᠡᠯᠴᠢᠭᠡᠷ ᠢ ᠬᠦᠷᠢᠶᠡᠯᠡᠬᠦ᠂ ᠪᠣᠳᠠ ᠮᠣᠳᠣ ᠪᠠᠷ ᠣᠶᠢᠵᠢᠭᠤᠯᠬᠤ᠂ | ᠨᠢᠰᠬᠡᠯ ᠢᠶᠠᠷ ᠳᠠᠷᠢᠵᠤ ᠣᠶᠢᠵᠢᠭᠤᠯᠬᠤ᠂ ᠬᠡᠷᠡᠯ ᠴᠠᠭᠢᠯᠭᠠᠨ ᠢᠶᠠᠷ ᠡᠯᠡᠰᠦ ᠶᠢ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠲᠥᠪᠯᠡᠷᠡᠭᠦᠯᠦᠨ ᠵᠠᠰᠠᠬᠤ ᠪᠠᠷ ᠲᠠᠮᠵᠢᠨ᠂ | ᠠᠩᠬ᠎ᠠ ᠠᠯᠬᠤᠮ ᠨᠣᠭᠤᠭᠠᠷᠠᠭᠤᠯᠤᠯᠲᠠ ᠶᠢ ᠠᠬᠢᠭᠤᠯᠵᠤ ᠡᠯᠡᠰᠦ ᠶᠢ ᠲᠤᠭᠳᠠᠪᠤᠷᠢᠵᠢᠭᠤᠯᠤᠭᠰᠠᠨ ᠮᠠᠰᠢ ᠰᠠᠶᠢᠨ ᠪᠠᠶᠢᠳᠠᠯ ᠢ ᠪᠤᠢ ᠪᠣᠯᠭᠠᠪᠠ᠃ | ᠡᠨᠡ ᠵᠢᠯ ᠪᠣᠯ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠳᠤᠨ ᠭᠤᠣᠯ ᠤᠨ ︽ᠲᠤᠬᠤᠢ︾ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠬᠤ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠮᠠᠨ ᠤ ᠬᠤᠳᠠ ︽ᠪᠠᠶᠠᠨᠨᠠᠭᠤᠷ ᠬᠤᠲᠠ ᠶᠢᠨ ᠬᠠᠲᠤᠨ ᠭᠤᠣᠯ ᠤᠨ ︿ᠲᠤᠬᠤᠢ﹀ | ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ︾ ᠤᠨ ᠶᠣᠰᠣᠭᠠᠷ᠂ ᠮᠠᠨ ᠤ ᠬᠤᠲᠠ ᠶᠢᠨ 2024 ᠣᠨ ᠤ ︽ᠤᠮᠠᠷᠠᠲᠤ ᠶᠢᠨ ᠭᠤᠷᠪᠠᠨ | ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠢᠷᠤᠭ᠂ ᠪᠠᠷᠢᠯᠭ᠎ᠠ ᠶᠢᠨ ᠵᠢᠷᠤᠭ ᠢ ᠵᠢᠷᠤᠵᠤ ᠭᠠᠷᠭᠠᠨ᠂ | ᠡᠭᠦᠷᠭᠡ ᠶᠢ ᠪᠤᠳᠠᠳᠠᠶᠢᠵᠢᠭᠤᠯᠤᠭᠰᠠᠨ ᠪᠠᠶᠢᠨ᠎ᠠ᠃ ᠮᠤᠨᠢ ᠠᠭᠤᠯᠠ ᠶᠢᠨ ᠠᠷᠤ ᠬᠤᠷᠮᠣᠢ ᠳᠠᠬᠢ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ᠂ ᠪᠠᠷᠠᠭᠤᠨ ᠣᠷᠣᠨ ᠤ | ᠡᠯᠡᠰᠦᠨ ᠴᠥᠯ ᠢ ᠶᠡᠷᠦᠩᠬᠡᠶᠢᠯᠡᠨ ᠵᠠᠰᠠᠬᠤ ᠲᠦᠷᠦᠯ ᠵᠤᠶᠢᠯ᠂ ︽ᠤᠮᠠᠷᠠᠲᠤ ᠶᠢᠨ ᠭᠤᠷᠪᠠᠨ ᠤᠷᠤᠨ︾ ᠤ ᠵᠢᠷᠭᠤᠳᠤᠭᠠᠷ ᠬᠤᠭᠤᠴᠠᠭ᠎ᠠ᠂ ᠨᠠᠮ ᠤᠨ ᠲᠥᠪ | ᠬᠤᠷᠢᠶ᠎ᠠ/ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠡᠳ᠋ ᠤᠨ ᠵᠠᠰᠠᠭ ᠤᠨ ᠣᠢ ᠰᠢᠭᠤᠢ ᠶᠢ ᠠᠷᠠᠴᠢᠯᠠᠨ ᠪᠣᠶᠢᠵᠢᠭᠤᠯᠬᠤ ᠪᠠ ᠮᠠᠭᠤᠳᠠᠭᠰᠠᠨ | ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠲᠥᠷᠥᠯ ᠵᠦᠢᠯ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠵᠡᠷᠭᠡ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠲᠦᠰᠢᠭᠯᠡᠨ᠂ ᠣᠲᠣ ᠪᠣᠯᠲᠠᠯ᠎ᠠ᠂ ᠨᠢᠭᠡᠨᠲᠡ 332.27 ᠲᠦᠮᠡᠨ | ᠮᠦ ᠠᠮᠢ ᠠᠬᠤᠢ ᠶᠢᠨ ᠵᠠᠰᠠᠯᠲᠠ ᠶᠢ ᠪᠡᠶᠡᠯᠡᠭᠦᠯᠪᠡ᠃ | |