ᠣᠳᠣᠬᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠦᠶ᠎ᠡ — ᠮᠠᠨ ᠤ ᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠳᠥᠭᠦᠮ ᠦᠵᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/10/21
      ᠮᠠᠨ ᠤ ᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠳᠥᠭᠦᠮ ᠳᠥᠲᠡ᠂ ᠥᠨᠳᠥᠷ ᠪᠦᠲᠦᠮᠵᠢᠲᠡᠶ ᠠᠵᠢᠯ ᠶᠠᠪᠤᠳᠠᠯ ᠭᠦᠢᠴᠡᠳᠭᠡᠬᠦ ᠤᠷᠴᠢᠨ ᠨᠦᠭᠦᠴᠡᠯ ᠬᠠᠩᠭᠠᠨ ᠦᠭᠴᠦ ᠪᠠᠶᠢᠨ᠎ᠠ᠃      ᠬᠤᠲᠠ ᠶᠢᠨ ᠠᠷᠠᠳ ᠸᠠᠩ ᠰᠢᠶᠤᠤ ᠪᠥᠸᠧ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠤᠴᠢᠷ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠭᠡᠭᠦ︾ ᠴᠤᠩᠬᠤᠪᠴᠢ ᠳᠤ ᠭᠦᠷᠴᠦ ᠢᠳᠡᠭᠡᠨ ᠤᠮᠳᠠᠭᠠᠨ ᠤ ᠳᠡᠯᠭᠡᠭᠦᠷ ᠤᠨ ᠡᠵᠡᠩᠨᠡᠯᠲᠡ ᠶᠢᠨ ᠦᠨᠡᠮᠯᠡᠯ ᠭᠤᠶᠤᠴᠢᠯᠠᠨ ᠮᠡᠳᠡᠭᠦᠯᠦᠭᠰᠡᠨ ᠳᠤ᠂ ᠠᠵᠢᠯᠲᠠᠳ ᠠᠴᠠ ︽ᠦᠨᠡᠮᠯᠡᠯ ᠪᠠ ᠭᠡᠷᠡᠴᠢ ᠶᠢ ᠬᠠᠮᠲᠤᠷᠠᠨ ᠭᠦᠢᠴᠡᠳᠬᠡᠬᠦ︾ ᠠᠷᠭ᠎ᠠ ᠮᠠᠶ᠋ᠢᠭ ᠢᠶᠠᠷ ᠲᠡᠭᠦᠨ ᠳᠤ ᠮᠠᠰᠢ ᠲᠦᠷᠭᠡᠨ ᠢᠶᠠᠷ ᠰᠢᠢᠳᠪᠦᠷᠢᠯᠡᠵᠦ ᠦᠭᠭᠦᠭᠰᠡᠨ ᠪᠠᠶᠢᠯ᠎ᠠ᠃      ᠬᠤᠲᠠ ᠶᠢᠨ ᠠᠷᠠᠳ ᠸᠠᠩ ᠰᠢᠶᠤᠤ ᠪᠥᠸᠧ ᠶᠢᠨ ᠭᠡᠯᠡᠭᠦ ᠪᠠᠷ᠂ ᠥᠩᠭᠡᠷᠡᠭᠰᠡᠨ ᠲᠠᠢ ᠬᠠᠷᠢᠴᠠᠭᠤᠯᠪᠠᠯ ᠣᠲᠣ ᠨᠢᠭᠡ ᠴᠤᠩᠬᠤᠪᠴᠢ ᠪᠠᠷ ᠨᠢᠭᠡ ᠤᠳᠠᠭ᠎ᠠ ᠮᠠᠲ᠋ᠧᠷᠢᠶᠠᠯ ᠲᠤᠰᠢᠶᠠᠪᠠᠯ ᠲᠠᠷᠤᠢ ᠬᠡᠳᠦᠨ ᠮᠢᠨᠦ᠋ᠲ ᠤᠨ ᠲᠤᠳᠤᠷ᠎ᠠ ᠪᠦᠭᠦᠨ ᠢ  ᠪᠡᠶᠡᠯᠡᠭᠦᠯᠴᠢᠬᠡᠨ᠎ᠡ᠂ ᠡᠨᠡ ᠨᠢ ᠮᠠᠰᠢ ᠲᠥᠬᠦᠮ ᠪᠦᠭᠡᠳ ᠲᠦᠷᠭᠡᠨ ᠪᠠᠶᠢᠨ᠎ᠠ ᠭᠡᠵᠦ ᠪᠠᠶᠢᠯ᠎ᠠ᠃      ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠭᠦ︾ ᠪᠣᠯ ᠣᠯᠠᠨ ᠰᠠᠯᠠᠭ᠎ᠠ ᠮᠥᠴᠢᠷ ᠤᠨ ᠬᠤᠯᠪᠣᠭᠠᠯᠠᠭᠰᠠᠨ ︽ᠨᠢᠭᠡ ᠲᠦᠷᠦᠯ ᠤᠨ ᠶᠠᠪᠤᠳᠠᠯ︾᠎ ᠢ ᠡᠮᠬᠢᠯᠡᠨ ᠨᠡᠶᠢᠯᠡᠭᠦᠯᠵᠦ᠂ ᠵᠥᠪᠬᠡᠨ ᠨᠢᠭᠡ ᠯᠡ ᠤᠳᠠᠭ᠎ᠠ ᠳᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠪᠠᠯ᠂ ᠣᠯᠠᠨ ᠰᠠᠯᠠᠭ᠎ᠠ ᠮᠥᠴᠢᠷ ᠲᠤ ᠬᠤᠯᠪᠤᠭᠳᠠᠵᠤ ᠪᠠᠶᠢᠭ᠎ᠠ ᠵᠦᠢᠯᠡᠰ ᠢ ᠰᠠᠯᠠᠭ᠎ᠠ ᠮᠥᠴᠢᠷ ᠤᠨ ᠬᠤᠭᠤᠷᠣᠨᠳᠣ ᠲᠦᠷᠭᠡᠨ ᠡᠷᠭᠢᠯᠳᠦᠭᠦᠯᠭᠦ ᠪᠠᠷ ᠲᠠᠮᠵᠢᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾᠎ ᠶᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠤᠨ᠎ᠠ᠃ ᠣᠳᠣᠬᠠᠨ ᠳᠤ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠰᠦᠯᠵᠢᠶ᠎ᠡ ᠪᠠ ︽ᠮᠥᠩᠬᠡ ᠰᠤᠪᠠᠭ︾ APP᠎ ᠨᠢ ᠴᠥᠮ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠲᠤᠰᠬᠠᠶ ᠲᠣᠭᠤᠷᠢᠭ ᠭᠠᠷᠭᠠᠵᠤ᠂ ᠢᠳᠡᠭᠡᠨ ᠤᠮᠳᠠᠭᠠᠨ ᠤ ᠳᠡᠯᠭᠡᠭᠦᠷ ᠡᠵᠡᠩᠨᠡᠭᠦ᠂ ᠠᠵᠤ ᠠᠬᠤᠶᠢᠯᠠᠯ ᠤᠨ ᠳᠡᠩᠰᠡᠯᠡᠯᠲᠡ ᠶᠢ ᠬᠦᠴᠦᠨ ᠥᠬᠡᠶ ᠪᠣᠯᠭᠠᠬᠤ᠂ ᠰᠤᠷᠭᠠᠭᠤᠯᠢ ᠳᠤ ᠣᠷᠣᠬᠤ ᠵᠡᠷᠭᠡ ᠠᠵᠤ ᠠᠬᠤᠶᠢᠯᠠᠯ ᠪᠠ ᠤᠯᠠᠨ ᠲᠦᠮᠡᠨ ᠳᠤ ᠬᠤᠯᠪᠤᠭᠳᠠᠭᠰᠠᠨ 13 ᠵᠦᠢᠯᠡᠰ ᠢ ᠪᠠᠭᠳᠠᠭᠠᠵᠤ ᠪᠠᠶᠢᠨ᠎ᠠ᠃ ᠡᠨᠡ ᠵᠢᠯ ᠠᠴᠠ ᠨᠠᠰᠢ᠂ ᠪᠥᠬᠦ ᠬᠤᠲᠠ ᠪᠠᠷ ᠢᠶᠠᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ  ᠭᠦᠢᠴᠡᠳᠬᠡᠬᠦ︾ ᠴᠤᠩᠬᠤᠪᠴᠢ ᠪᠠᠷ ᠲᠠᠮᠵᠢᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠨᠡᠶᠢᠳᠡ 30 ᠭᠠᠷᠤᠶ ᠲᠦᠮᠡᠨ ᠤᠴᠢᠷ ᠶᠠᠪᠤᠳᠠᠯ ᠢ ᠰᠢᠢᠳᠪᠦᠷᠢᠯᠡᠵᠦ᠂ ᠭᠦᠢᠴᠡᠳᠭᠡᠬᠦ ᠭᠤᠭᠴᠤᠭ᠎ᠠ ᠶᠢ ᠳᠤᠮᠳᠠᠴᠢ ᠪᠠᠷ 63.7%᠎ ᠪᠠᠷ ᠪᠠᠭᠠᠰᠬᠠᠵᠤ᠂ ᠭᠤᠶᠤᠴᠢᠯᠠᠬᠤ ᠮᠠᠲ᠋ᠧᠷᠢᠶᠠᠯ ᠢ ᠳᠤᠮᠳᠠᠴᠢ ᠪᠠᠷ 56.4%᠎ ᠪᠠᠷ ᠪᠠᠭᠠᠰᠬᠠᠵᠤ᠂ ᠭᠦᠢᠴᠡᠳᠭᠡᠬᠦ ᠴᠠᠭ ᠤᠨ ᠬᠢᠵᠠᠭᠠᠷ ᠢ ᠳᠤᠮᠳᠠᠴᠢ ᠪᠠᠷ 55.7%᠎ ᠪᠠᠷ  ᠪᠤᠭᠤᠨᠢᠰᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠤᠴᠢᠷ ᠶᠠᠪᠤᠳᠠᠯ ᠭᠦᠢᠴᠡᠳᠭᠡᠬᠦ ᠶᠠᠪᠤᠴᠠ ᠶᠢ ᠨᠠᠩ ᠲᠥᠬᠦᠮ ᠲᠦᠳᠡ᠂ ᠨᠠᠩ ᠥᠨᠳᠥᠷ ᠪᠦᠲᠦᠮᠵᠢᠲᠡᠶ ᠪᠤᠯᠭᠠᠵᠤ ᠪᠠᠶᠢᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ