ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠ — ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠰᠠᠶᠢᠲᠤᠷ ᠠᠰᠢᠭᠯᠠᠵᠤ ᠬᠥᠳᠡᠭᠡ ᠲᠣᠰᠬᠤᠨ ᠤ ᠠᠵᠤ ᠤᠶᠢᠯᠡᠰ ᠢ ᠭᠦᠭᠵᠢᠭᠦᠯᠦᠨ ᠮᠠᠨᠳᠤᠭᠤᠯᠬᠤ ᠶᠢ ᠳᠠᠶᠢᠴᠢᠯᠠᠨ᠎ᠠ
ᠨᠡᠶᠢᠲᠡᠯᠡᠭᠰᠡᠨ ᠴᠠᠭ᠄
2024/10/21
      ᠦᠶᠤᠸᠠᠨ ᠰᠢᠶᠠᠨ ᠡᠬᠢ ᠪᠠᠶᠠᠯᠢᠭ ᠤᠨ ᠳᠠᠪᠠᠭᠤᠯᠢᠭ᠂ ᠣᠯᠠᠨ ᠲᠦᠮᠡᠨ ᠤ ᠬᠡᠷᠡᠭᠴᠡᠭᠡ ᠪᠠ ᠲᠥᠷᠥᠯ ᠵᠦᠢᠯ ᠤᠨ ᠪᠣᠳᠠᠲᠤ ᠦᠷ᠎ᠡ ᠪᠦᠲᠦᠮᠵᠢ ᠳᠤ ᠰᠠᠭᠤᠷᠢᠯᠠᠨ ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠠᠮᠢᠳᠤᠯᠢᠭ ᠢᠶᠠᠷ ᠰᠠᠶᠢᠲᠤᠷ ᠠᠰᠢᠭᠯᠠᠨ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠳᠠᠪᠠᠭᠤᠯᠢᠭ ᠲᠥᠷᠥᠯ ᠵᠦᠢᠯ ᠢ ᠬᠥᠭᠵᠢᠭᠦᠯᠦᠨ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ᠎ᠠ᠃       ᠲᠤᠷᠤᠭ ᠪᠠᠯᠭᠠᠰᠤᠨ ᠤ ᠹᠧᠩ ᠴᠠᠨ ᠲᠣᠰᠬᠤᠨ ᠤ ᠲᠦᠩ ᠰᠢᠨ ᠪᠠᠯᠲᠤ ᠬᠡᠮᠬᠡ ᠶᠢᠨ ᠠᠷᠠᠯᠵᠢᠶᠠᠨ ᠤ ᠲᠥᠪ ᠲᠤ᠂ ᠪᠦᠬᠦ ᠤᠯᠤᠰ ᠤᠨ ᠡᠯ᠎ᠡ ᠭᠠᠵᠠᠷ ᠤᠨ ᠭᠠᠳᠠᠨ᠎ᠠ ᠣᠷᠣᠨ ᠤ ᠬᠤᠳᠠᠯᠳᠤᠭᠠᠴᠢᠳ ᠲᠠᠷᠢᠶᠠᠯᠠᠩ ᠤᠨ ᠭᠠᠷᠤᠯᠲᠠ ᠶᠢ ᠬᠤᠳᠠᠯᠳᠤᠨ ᠠᠪᠬᠤ ᠪᠠᠷ ᠢᠷᠡᠭᠡᠳ ᠪᠠᠶᠢᠯ᠎ᠠ᠃  ᠰᠠᠶ᠋ᠢᠬᠠᠨ ᠲᠡᠭᠦᠭᠰᠡᠨ ᠤᠯᠠᠭᠠᠨ ᠯᠠᠵᠤᠤ ᠶᠢ ᠰᠢᠯᠢᠨ ᠰᠤᠩᠭᠤᠵᠤ᠂ ᠤᠭᠤᠲᠠᠨ ᠳᠤ ᠰᠠᠪᠠᠯᠠᠨ᠂ ᠲᠡᠷᠭᠡᠨ ᠳᠤ ᠲᠡᠭᠡᠭᠡᠪᠦᠷᠢᠯᠡᠵᠤ᠂ ᠪᠦᠬᠦ ᠤᠯᠤᠰ ᠤᠨ ᠡᠯ᠎ᠡ ᠭᠠᠵᠠᠷ ᠲᠤ ᠪᠤᠷᠤᠯᠠᠭᠤᠯᠤᠨ᠎ᠠ᠃       ᠦᠶᠤᠸᠠᠨ ᠰᠢᠶᠠᠨ ᠤ ᠲᠤᠷᠤᠭ ᠪᠠᠯᠭᠠᠰᠤᠨ ᠤ ᠹᠧᠩ ᠴᠠᠨ ᠲᠣᠰᠬᠤᠨ ᠤ ᠲᠦᠩ ᠰᠢᠨ ᠪᠠᠯᠲᠤ ᠬᠡᠮᠬᠡ ᠶᠢᠨ ᠠᠷᠠᠯᠵᠢᠶᠠᠨ ᠤ ᠲᠥᠪ ᠤᠨ ᠬᠠᠷᠢᠭᠤᠴᠠᠯᠭᠠᠲᠠᠨ ᠳ᠋ᠦ᠋ ᠰᠢ ᠮᠢᠩ ᠰᠤᠷᠪᠤᠯᠵᠢᠯᠠᠭᠴᠢ ᠳᠤ ᠠᠷᠠᠯᠵᠢᠶᠠᠨ ᠤ ᠵᠠᠬ᠎ᠠ ᠳᠡᠯᠭᠡᠭᠦᠷ ᠲᠤ ᠤᠳᠤ 23 ᠰᠠᠷᠠᠪᠴᠢᠨ ᠫᠧᠩ ᠲᠠᠢ᠂ 12 ᠲᠡᠷᠭᠡ ᠶᠢ  ᠵᠡᠷᠭᠡᠪᠡᠷ ᠠᠴᠢᠶᠠᠯᠠᠵᠤ ᠪᠠᠭᠤᠯᠭᠠᠵᠤ ᠪᠣᠯᠬᠤ ᠪᠥᠭᠡᠳ ᠡᠳᠦᠷ ᠪᠦᠷᠢ 70 ᠭᠠᠷᠤᠢ ᠬᠥᠯᠥᠰᠦᠨ ᠠᠵᠢᠯᠴᠢᠨ ᠲᠠᠢ ᠭᠡᠪᠡ᠃      ᠲᠤᠷᠤᠭ ᠪᠠᠯᠭᠠᠰᠤᠨ ᠤ ᠹᠧᠩ ᠴᠠᠨ ᠲᠣᠰᠬᠤᠨ ᠳᠤ ᠪᠠᠯᠲᠤ ᠬᠡᠮᠬᠡ᠂ ᠲᠥᠪᠡᠳ ᠬᠠᠰᠢ᠂ ᠤᠯᠠᠭᠠᠨ ᠯᠠᠵᠤᠤ ᠵᠡᠷᠭᠡ 1.3 ᠲᠦᠮᠡᠨ ᠮᠦ ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠵᠤ ᠪᠠᠶᠢᠨ᠎ᠠ᠃ ᠭᠤᠸᠠ ᠵᠢᠮᠢᠰ ᠢᠳᠡᠰᠢᠨ ᠨᠣᠭᠤᠭ᠎ᠠ ᠶᠢᠨ ᠲᠠᠷᠢᠮᠠᠯ ᠤᠨ ᠪᠣᠯᠪᠠᠰᠤᠷᠠᠬᠤ ᠬᠤᠭᠤᠴᠠᠭ᠎ᠠ ᠪᠠ ᠲᠡᠭᠦᠬᠦ ᠬᠤᠭᠤᠴᠠᠭ᠎ᠠ ᠣᠬᠤᠷ᠂ ᠵᠠᠬ᠎ᠠ ᠳᠡᠯᠭᠡᠭᠦᠷ ᠲᠤ ᠲᠥᠪᠯᠡᠷᠡᠭᠦᠯᠦᠨ ᠪᠣᠷᠣᠯᠠᠭᠤᠯᠬᠤ  ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠲᠤᠷᠤᠭ ᠪᠠᠯᠭᠠᠰᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ᠂ ︽ᠨᠢᠭᠡ ᠶᠠᠪᠤᠳᠠᠯ ᠢ ᠨᠢᠭᠡ ᠵᠥᠪᠯᠡᠬᠦ︾ ᠪᠡᠯᠡ ᠮᠥᠩᠭᠦ ᠵᠡᠷᠭᠡ 200 ᠭᠠᠷᠤᠢ ᠲᠦᠮᠡᠨ ᠲᠦᠭᠦᠷᠢᠭ ᠲᠤ ᠲᠦᠰᠢᠭᠯᠡᠨ᠂ ᠪᠠᠯᠭᠠᠰᠤᠨ ᠳᠤ ᠵᠢᠮᠢᠰ ᠨᠣᠭᠤᠭ᠎ᠠ ᠶᠢᠨ ᠠᠷᠠᠯᠵᠢᠶᠠᠨ ᠤ ᠲᠥᠪ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠳᠤ ᠲᠥᠬᠦᠮ ᠦᠵᠡᠭᠦᠯᠦᠭᠰᠡᠨ ᠪᠠᠶᠢᠨ᠎ᠠ᠃      ᠦᠶᠤᠸᠠᠨ ᠰᠢᠶᠠᠨ ᠤ ᠲᠤᠷᠤᠭ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠱᠠᠩ ᠸᠧᠨ ᠰᠤᠷᠪᠤᠯᠵᠢᠯᠠᠭᠴᠢ ᠳᠤ 2021 ᠣᠨ ᠎ ᠠᠴᠠ ᠨᠠᠰᠢ᠂ ᠹᠧᠩ ᠴᠠᠨ ᠲᠣᠰᠬᠤᠨ᠂ ᠹᠧᠩ ᠬᠤᠸᠠ  ᠲᠣᠰᠬᠤᠨ ᠵᠡᠷᠭᠡ 6 ᠲᠣᠰᠬᠤᠨ ᠳᠤ 9 ᠠᠷᠠᠯᠵᠢᠶᠠᠨ ᠤ ᠲᠥᠪ ᠪᠠ ᠰᠢᠯᠢᠵᠦ ᠰᠣᠩᠭᠤᠬᠤ ᠰᠠᠭᠤᠷᠢᠨ ᠭᠠᠵᠠᠷ ᠪᠠᠶᠢᠭᠤᠯᠵᠤ ᠂ 46 ᠳᠤᠭᠤᠶᠢᠯᠠᠩ ᠤᠨ 5000 ᠭᠠᠷᠤᠢ ᠬᠥᠮᠥᠨ ᠳᠤ ᠰᠢᠭᠤᠳ ᠠᠰᠢᠭ ᠭᠦᠷᠳᠡᠭᠡᠭᠰᠡᠨ ᠭᠡᠪᠡ᠃      ᠣᠶᠢᠷ᠎ᠠ ᠶᠢᠨ ᠵᠢᠯ ᠳᠤ᠂ ᠦᠶᠤᠸᠠᠨ ᠰᠢᠶᠠᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ 1939 ᠲᠦᠮᠡᠨ ᠲᠥᠭᠦᠷᠢᠭ ᠢ ᠴᠢᠷᠮᠠᠶᠢᠨ ᠤᠯᠵᠤ᠂ ᠪᠦᠬᠦ ᠰᠢᠶᠠᠨ ᠤ 7 ᠰᠢᠶᠠᠩ ᠪᠠᠯᠭᠠᠰᠤᠨ ᠳᠤ ᠤᠰᠤᠨ ᠠᠰᠢᠭᠯᠠᠯᠲᠠ ᠶᠢᠨ ᠤᠰᠤᠯᠠᠯᠲᠠ᠂ ᠣᠨᠴᠠᠯᠢᠭᠲᠤ  ᠲᠠᠷᠢᠵᠤ ᠲᠡᠵᠢᠭᠡᠨ ᠦᠷᠡᠵᠢᠭᠦᠯᠭᠦ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ ᠵᠡᠷᠭᠡ 57 ᠳᠠᠶᠢᠴᠢᠯᠠᠬᠤ ᠬᠦᠴᠦᠨ ᠢᠶᠠᠷ ᠴᠢᠩᠭ᠎ᠠ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢᠶᠠᠷ ᠲᠦᠷᠭᠡᠨ ᠳᠠᠪᠠᠭᠤᠯᠢᠭ ᠠᠵᠤ ᠦᠢᠯᠡᠰ ᠤᠨ ᠲᠦᠷᠦᠯ ᠵᠤᠶᠢᠯ ᠢ ᠪᠦᠷᠢᠳᠦᠭᠦᠯᠦᠭᠰᠡᠨ ᠪᠠᠶᠢᠨ᠎ᠠ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ