︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠬᠤ ᠶᠢ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ  — ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠲᠠᠭᠠᠭᠤᠯᠤᠨ᠎ᠠ
ᠨᠡᠶᠢᠲᠡᠯᠡᠭᠰᠡᠨ ᠴᠠᠭ᠄
2024/10/21
      ᠪᠠᠶᠠᠨᠨᠠᠭᠤᠷ ᠬᠠᠷᠢᠭᠤᠴᠠᠯᠭ᠎ᠠ ᠡᠭᠦᠷᠭᠡᠯᠡᠨ ᠪᠤᠳᠠᠳᠠᠢ ᠠᠵᠢᠯᠯᠠᠬᠤ ᠶᠢ ᠭᠦᠨᠵᠡᠭᠡᠢ ᠥᠷᠨᠢᠭᠦᠯᠵᠦ᠂ ︽ᠲᠠᠪᠤᠨ ᠶᠡᠭᠡ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠪᠣᠯᠪᠠᠰᠤᠷᠠᠯ ᠤᠨ ᠬᠢᠴᠢᠶᠡᠯ ᠦᠷᠨᠢᠭᠦᠯᠭᠦ᠂ ᠦᠢᠯᠡᠳᠦᠯᠭᠡ ᠪᠠᠨ ᠳᠠᠪᠲᠠᠨ ᠪᠣᠯᠪᠠᠰᠤᠷᠠᠭᠤᠯᠬᠤ ᠶᠢ ᠴᠢᠩᠭᠠᠳᠬᠠᠬᠤ᠂ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠵᠣᠷᠢᠭᠵᠢᠭᠤᠯᠬᠤ᠂ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠲᠠᠮᠵᠢᠨ᠂ ᠺᠠᠳ᠋ᠷᠴᠤᠳ ᠤᠨ ᠤᠯᠤᠰ ᠲᠥᠷᠥ ᠶᠢᠨ ᠴᠢᠳᠠᠪᠤᠷᠢ ᠪᠠ ᠡᠭᠦᠷᠭᠡ ᠴᠢᠳᠠᠪᠤᠷᠢ ᠪᠠᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠭᠦᠯᠦᠨ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢ ᠨᠢᠭᠲᠠᠷᠠᠭᠤᠯᠤᠨ᠎ᠠ᠃       ᠡᠨᠡ ᠬᠤᠶᠠᠷ ᠡᠳᠦᠷ᠂ ᠪᠥᠬᠦ ᠬᠤᠲᠠ ᠶᠢᠨ ᠵᠠᠯᠠᠭᠤ ᠺᠠᠳ᠋ᠷᠴᠤᠳ ᠤᠨ ᠣᠨᠣᠯ ᠤᠨ ᠰᠤᠳᠤᠯᠤᠨ ᠶᠠᠷᠢᠯᠴᠠᠬᠤ ᠠᠩᠭᠢ ᠬᠤᠲᠠ ᠶᠢᠨ ᠨᠠᠮ ᠤᠨ ᠰᠤᠷᠭᠠᠭᠤᠯᠢ ᠳᠤ ᠰᠤᠷᠤᠯᠭ᠎ᠠ ᠡᠭᠢᠯᠡᠵᠤ᠂ ᠪᠥᠬᠦ ᠬᠤᠲᠠ ᠶᠢᠨ 50 ᠭᠠᠷᠤᠢ ᠵᠠᠯᠠᠭᠤ ᠺᠠᠳ᠋ᠷ ᠬᠠᠮᠳᠤ ᠪᠠᠷ ᠨᠠᠮ ᠤᠨ ᠬᠤᠷᠢᠳᠤᠭᠠᠷ ᠬᠤᠭᠤᠴᠠᠭᠠᠨ ᠤ  ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ  ᠶᠢᠨ ᠥᠭᠡᠷᠡᠴᠢᠯᠡᠯᠲᠡ  ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠰᠤᠷᠤᠯᠴᠠᠵᠤ ᠪᠠᠶᠢᠯ᠎ᠠ᠃       ᠰᠤᠷᠤᠯᠭᠠᠳᠠᠨ ᠯᠢ ᠰᠢᠶᠠᠩ ᠸᠧᠨ ᠰᠤᠷᠪᠤᠯᠵᠢᠯᠠᠭᠴᠢ ᠳᠤ ᠮᠢᠨᠤ ᠬᠤᠶᠢᠰᠢᠳᠠ ᠶᠢᠨ ᠠᠵᠢᠯ ᠳᠤ ᠮᠠᠰᠢ ᠶᠡᠭᠡ ᠵᠢᠯᠤᠭᠤᠳᠬᠤ ᠠᠴᠢ ᠬᠤᠯᠪᠣᠭᠳᠠᠯ ᠲᠠᠢ ᠶᠤᠮ᠂ ᠵᠠᠯᠭᠠᠭᠠᠳ ᠪᠢ ᠰᠤᠷᠤᠯᠭ᠎ᠠ ᠶᠢᠨ ᠦᠷ᠎ᠡ ᠪᠦᠲᠦᠭᠡᠯ ᠢᠶᠠᠨ ᠪᠣᠭᠤᠮᠲᠠ ᠶᠢᠨ ᠨᠠᠮ ᠤᠨ ᠪᠠᠶᠢᠭᠤᠯᠤᠯᠲᠠ᠂ ᠪᠣᠭᠤᠮᠲᠠ ᠪᠠᠷ ᠥᠩᠭᠡᠷᠡᠬᠦ ᠪᠠᠷᠠᠭ᠎ᠠ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠵᠡᠷᠭᠡ ᠡᠯ᠎ᠡ ᠵᠦᠢᠯ ᠤᠨ ᠠᠵᠢᠯ ᠳᠤ  ᠬᠡᠷᠡᠭᠯᠡᠵᠦ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃       ᠪᠦᠬᠦ ᠬᠤᠳᠠ ᠶᠢᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠬᠤᠳᠠ ᠶᠢᠨ ᠨᠠᠮ ᠤᠨ ᠰᠤᠷᠭᠠᠭᠤᠯᠢ ᠪᠦᠬᠦ ᠬᠤᠳᠠ ᠶᠢᠨ ᠺᠠᠳ᠋ᠷ ᠤᠨ ᠴᠢᠳᠠᠪᠤᠷᠢ ᠶᠢᠨ ᠳᠡᠭᠡᠭᠰᠢᠯᠡᠯᠲᠡ ᠳᠤ ᠲᠤᠶᠢᠯ ᠤᠨ ᠴᠢᠬᠤᠯᠠ ᠦᠢᠯᠡᠳᠦᠯ ᠪᠠᠳᠠᠷᠠᠭᠤᠯᠤᠭᠰᠠᠭᠠᠷ ᠢᠷᠡᠵᠠᠢ᠃ ︽2018 ︱ 2022 ᠣᠨ ᠤ ᠪᠥᠬᠦ ᠤᠯᠤᠰ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠲᠥᠯᠦᠪᠵᠢᠭᠦᠯᠭᠡ︾ ᠶᠢ ᠬᠡᠷᠡᠭᠵᠢᠭᠦᠯᠦᠭᠰᠡᠨ ᠠᠴᠠ ᠨᠠᠰᠢ᠂ ᠪᠦᠬᠦ ᠬᠤᠳᠠ ᠳᠤ ᠡᠯ᠎ᠡ ᠱᠠᠲᠤᠨ ᠤ ᠡᠯ᠎ᠡ ᠲᠦᠷᠦᠯ ᠤᠨ ᠪᠣᠯᠪᠠᠰᠤᠷᠠᠯ ᠤᠨ ᠠᠩᠭᠢ ᠶᠢ ᠨᠡᠶᠢᠳᠡ 1100 ᠭᠠᠷᠤᠢ ᠬᠤᠭᠤᠴᠠᠭ᠎ᠠ ᠡᠷᠬᠢᠯᠡᠵᠦ᠂ ᠺᠠᠳ᠋ᠷ ᠢ 13 ᠭᠠᠷᠤᠢ ᠲᠦᠮᠡᠨ ᠬᠥᠮᠥᠨ ᠤᠳᠠᠭ᠎ᠠ ᠪᠣᠯᠪᠠᠰᠤᠷᠠᠭᠤᠯᠪᠠ᠃       ᠬᠤᠲᠠ ᠶᠢᠨ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠴᠧᠨ ᠬᠠᠢ ᠶᠠᠨ ᠰᠤᠷᠪᠤᠯᠵᠢᠯᠠᠭᠴᠢ ᠳᠤ ᠺᠠᠳ᠋ᠷᠴᠤᠳ ᠤᠨ ᠴᠢᠳᠠᠪᠤᠷᠢ ᠪᠠ ᠬᠡᠪ ᠴᠢᠨᠠᠷ ᠢ ᠦᠨᠡᠨ ᠬᠦ ᠳᠡᠭᠡᠭᠰᠢᠯᠡᠭᠦᠯᠬᠦ ᠶᠢ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ ᠳᠤ ᠠᠭᠤᠰᠬᠠᠨ᠂ ᠣᠨᠣᠯ ᠤᠨ ᠵᠢᠭᠠᠨ ᠰᠤᠷᠭᠠᠯᠲᠠ᠂ ᠨᠠᠮᠴᠢ ᠴᠢᠨᠠᠷ ᠤᠨ ᠬᠥᠮᠦᠵᠢᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠠᠯ᠎ᠠ ᠪᠠᠷ ᠰᠢᠨ᠎ᠡ ᠶᠠᠷᠢᠶᠠᠨ ᠤ ᠰᠡᠳᠦᠪ ᠭᠠᠷᠭᠠᠵᠤ᠂ ᠰᠢᠨ᠎ᠡ ᠭᠢᠴᠢᠶᠡᠯ ᠨᠡᠭᠡᠭᠡᠨ᠎ᠡ ᠭᠡᠪᠡ᠃      ᠤᠷᠠᠳ ᠤᠨ ᠬᠤᠶᠢᠲᠤ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠨᠢ ᠺᠠᠳ᠋ᠷ ᠠᠵᠢᠯᠲᠠᠨ ᠤ ᠣᠨᠣᠯ ᠤᠨ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠨ᠎ᠠ᠃ ᠡᠯ᠎ᠡ ᠲᠦᠷᠦᠯ ᠤᠨ ᠬᠤᠳᠠᠯᠳᠤᠭᠠᠴᠢᠨ ᠤᠷᠢᠬᠤ ᠴᠤᠭᠯᠠᠭᠠᠨ ᠳᠤ ᠤᠷᠤᠯᠴᠠᠵᠤ᠂ ᠠᠵᠤ ᠠᠬᠤᠶᠢᠯᠠᠯ ᠯᠤᠭ᠎ᠠ ᠬᠠᠷᠢᠯᠴᠠᠭ᠎ᠠ ᠪᠠᠶᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠪᠡᠯᠡ ᠣᠷᠣᠭᠤᠯᠤᠯᠲᠠ ᠶᠢᠨ ᠰᠠᠨᠠᠮᠵᠢ ᠶᠢ ᠣᠶᠢᠯᠠᠭᠠᠨ᠎ᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠤᠷᠠᠳ ᠤᠨ ᠬᠤᠶᠢᠲᠤ ᠬᠤᠰᠢᠭᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 26 ᠲᠥᠷᠥᠯ ᠵᠦᠢᠯ ᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 38.4 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ ᠂ ᠣᠷᠣᠨ ᠤ ᠭᠠᠳᠠᠨᠠᠬᠢ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 38 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠨᠢ ᠪᠥᠬᠦ ᠬᠤᠲᠠ ᠶᠢᠨ ᠪᠡᠶᠡᠯᠡᠭᠦᠯᠦᠭᠰᠡᠨ ᠲᠣᠭᠠᠨ ᠤ 35.7% ᠶᠢ ᠡᠵᠡᠯᠡᠪᠡ᠃       ᠤᠷᠠᠳ ᠤᠨ ᠬᠤᠶᠢᠲᠤ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ ᠵᠠᠩ ᠬᠠᠢ ᠴᠢᠩ ᠰᠤᠷᠪᠤᠯᠵᠢᠯᠠᠭᠴᠢ ᠳᠤ ᠲᠥᠪᠯᠡᠷᠡᠩᠭᠦᠢ ᠰᠤᠷᠤᠯᠴᠠᠯᠭ᠎ᠠ ᠨᠢ ᠮᠠᠨ ᠤ ᠺᠠᠳ᠋ᠷᠴᠤᠳ ᠤᠨ ᠬᠡᠪ ᠴᠢᠨᠠᠷ ᠢ ᠲᠡᠭᠡᠭᠰᠢᠯᠡᠭᠦᠯᠭᠦ ᠳᠤ ᠮᠠᠰᠢ ᠲᠦᠷᠭᠡᠨ᠂ ᠵᠠᠯᠭᠠᠭᠠᠳ ᠡᠨᠡ ᠬᠦ ᠣᠨᠣᠯ ᠤᠨ ᠰᠤᠷᠤᠯᠴᠠᠯᠭ᠎ᠠ ᠶᠢ ᠮᠠᠨ ᠤ ᠬᠤᠳᠠᠯᠳᠤᠭᠠᠴᠢᠨ ᠤᠷᠢᠬᠤ ᠪᠣᠳᠠᠲᠤ ᠠᠵᠢᠯ ᠲᠠᠢ ᠤᠶᠠᠯᠳᠤᠭᠤᠯᠵᠤ᠂ ᠠᠵᠢᠯ ᠢᠶᠠᠨ ᠨᠡᠩ ᠰᠠᠶᠢᠨ ᠬᠢᠨ᠎ᠡ ᠭᠡᠪᠡ᠃      ᠮᠠᠨ ᠤ ᠬᠤᠲᠠ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠢᠳᠡᠪᠬᠢᠲᠡᠢ ᠪᠠᠷ ᠠᠵᠢᠯᠯᠠᠵᠤ᠂ ᠡᠯ᠎ᠡ ᠲᠥᠷᠥᠯ ᠤᠨ ᠪᠣᠯᠪᠠᠰᠤᠷᠠᠯ ᠤᠨ ᠬᠢᠴᠢᠶᠡᠯ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠺᠠᠳ᠋ᠷ ᠤᠨ ᠶᠡᠷᠦᠩᠬᠡᠶᠢᠯᠡᠭᠰᠡᠨ ᠭᠡᠪ ᠴᠢᠨᠠᠷ ᠢ ᠳᠡᠭᠡᠭᠰᠢᠯᠡᠭᠦᠯᠪᠡ᠃ ᠺᠠᠳ᠋ᠷ ᠢ ᠰᠣᠩᠭᠤᠨ ᠲᠣᠮᠢᠯᠠᠵᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠤᠴᠢᠭᠤᠯᠤᠨ᠂ ᠭᠤᠣᠯᠳᠠᠯᠭ᠎ᠠ ᠲᠠᠢ ᠲᠦᠷᠦᠯ ᠵᠦᠢᠯ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ᠂ ᠪᠣᠳᠠᠲᠠᠢ ᠠᠵᠢᠯ ᠤᠨ ᠲᠤᠷᠰᠢᠯᠭ᠎ᠠ ᠶᠢ ᠬᠤᠷᠠᠮᠳᠤᠭᠤᠯᠪᠠ᠃ ᠺᠠᠳ᠋ᠷᠴᠤᠳ ᠤᠨ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠵᠣᠷᠢᠭᠵᠢᠭᠤᠯᠵᠤ᠂ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠺᠠᠳ᠋ᠷᠴᠤᠳ ᠤᠨ ᠢᠳᠡᠪᠬᠢᠲᠡᠢ ᠪᠠᠷ ᠤᠷᠤᠭᠰᠢᠯᠠᠨ ᠲᠠᠪᠰᠢᠬᠤ ᠶᠢ ᠤᠷᠮᠠᠰᠢᠭᠤᠯᠤᠨ ᠵᠣᠷᠢᠭᠵᠢᠭᠤᠯᠵᠤ᠂ ᠴᠢᠳᠠᠪᠤᠷᠢ ᠶᠢ ᠨᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠡᠭᠦᠨ ᠤ ᠲᠠᠭᠤ᠂ ᠺᠠᠳ᠋ᠷᠴᠤᠳ ᠤᠨ ᠦᠵᠡᠯ ᠰᠠᠨᠠᠭᠠᠨ ᠤ ᠬᠥᠮᠦᠵᠢᠯ ᠪᠠ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ ᠺᠠᠳ᠋ᠷ ᠤᠨ ᠡᠩᠨᠡᠭᠡ ᠶᠢ ᠬᠥᠮᠥᠵᠢᠭᠦᠯᠵᠦ᠂ ᠪᠥᠬᠦ ᠬᠤᠲᠠ ᠶᠢᠨ ᠴᠢᠨᠠᠷ ᠰᠠᠶᠢᠳᠠᠢ ᠬᠥᠭᠵᠢᠯᠲᠡ ᠳᠤ ᠴᠢᠳᠠᠪᠤᠷᠢᠲᠠᠨ ᠤ ᠰᠠᠭᠤᠷᠢ ᠶᠢ ᠪᠠᠬᠢᠵᠢᠭᠦᠯᠦᠨ᠎ᠡ᠃  
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ