ᠣᠳᠣᠬᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠦᠶ᠎ᠡ — ︽ᠳᠥᠷᠪᠡᠨ ᠰᠠᠶᠢᠨᠲᠠᠢ ᠵᠠᠮ︾  ᠨᠢ ᠦᠵᠡᠰᠬᠦᠯᠡᠭᠳᠦ ᠰᠠᠶᠢᠬᠠᠨ ᠬᠥᠳᠡᠭᠡ ᠲᠣᠰᠬᠤᠨ ᠢ ᠬᠤᠯᠪᠤᠭᠠᠯᠠᠨ᠎ᠠ
ᠨᠡᠶᠢᠲᠡᠯᠡᠭᠰᠡᠨ ᠴᠠᠭ᠄
2024/10/21
      ᠮᠠᠨ ᠤ ᠬᠤᠳᠠ ᠬᠥᠳᠡᠭᠡ ᠲᠣᠰᠬᠤᠨ ᠤ ︽ᠳᠥᠷᠪᠡᠨ ᠰᠠᠶᠢᠨᠲᠠᠢ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ︽ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠬᠥᠳᠡᠭᠡ ᠲᠣᠰᠬᠤᠨ ᠤ ᠵᠠᠰᠠᠮᠠᠯ ᠵᠠᠮ ᠪᠣᠯᠣᠨ ᠬᠥᠳᠡᠭᠡ ᠲᠣᠰᠬᠤᠨ ᠤ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠵᠤ ᠪᠠᠶᠢᠨ᠎ᠠ᠃      ᠤᠷᠠᠳ ᠤᠨ ᠳᠤᠮᠳᠠᠳᠤ ᠬᠤᠰᠢᠭᠤᠨ ᠤ ᠲᠤᠭᠤᠯᠳᠠᠢ ᠮᠠᠯᠵᠢᠯ ᠤᠨ ᠲᠠᠯᠠᠪᠠᠶ ᠶᠢᠨ ᠤᠯᠠᠭᠠᠠᠡᠷᠬᠢ ᠬᠤᠪᠢᠶᠠᠷᠢ ᠲᠠᠯᠠᠪᠠᠶ  ᠠᠴᠠ  ᠲᠡᠯ ᠠᠭᠤᠯᠠ ᠶᠢᠨ ᠪᠠᠷᠠᠭᠤᠨ ᠵᠠᠰᠠᠮᠠᠯ ᠵᠠᠮ ᠬᠦᠷᠳᠡᠯᠡᠬᠢ ᠪᠥᠬᠦ ᠵᠡᠮ ᠤᠨ ᠣᠷᠳᠣ ᠨᠢ 12 ᠺᠢᠯᠣᠮᠧᠲᠷ ᠪᠠᠶᠢᠵᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠭᠤᠣᠯ ᠵᠠᠮ ᠪᠣᠯᠣᠨ᠎ᠠ᠂ ᠥᠩᠭᠡᠷᠡᠭᠰᠡᠨ ᠤ ᠢᠪᠴᠤᠤ ᠰᠢᠷᠣᠢ ᠶᠢᠨ ᠵᠠᠮ ᠢ ᠤᠳᠤ ᠥᠭᠡᠷᠡᠴᠢᠯᠡᠨ 4.5 ᠮᠧᠲᠷ ᠥᠷᠭᠡᠨ ᠱᠦᠢᠨᠢ ᠵᠠᠮ ᠪᠤᠯᠭᠠᠭᠰᠠᠨ ᠪᠠᠶᠢᠨ᠎ᠠ᠃      ᠤᠷᠠᠳ ᠤᠨ ᠳᠤᠮᠳᠠᠳᠤ ᠬᠤᠰᠢᠭᠤᠨ ᠤ ᠲᠤᠭᠤᠯᠳᠠᠢ ᠮᠠᠯᠵᠢᠯ ᠤᠨ ᠲᠠᠯᠠᠪᠠᠶ ᠶᠢᠨ ᠮᠠᠯᠴᠢᠨ ᠰᠢᠦᠢ ᠰᠢᠸ ᠬᠤᠸᠠ ᠰᠤᠷᠪᠤᠯᠵᠢᠯᠠᠭᠴᠢ ᠳᠤ᠂ ᠡᠨᠡ ᠵᠠᠮ ᠢ ᠦᠬᠡᠷᠡᠴᠢᠯᠡᠵᠤ ᠵᠠᠰᠠᠭᠰᠠᠨ ᠤ ᠲᠠᠷᠠᠭ᠎ᠠ ᠡᠪᠡᠰᠦ ᠪᠣᠷᠳᠤᠭ᠎ᠠ ᠲᠠᠳᠠᠬᠤ᠂ ᠶᠠᠭᠤᠮ᠎ᠠ ᠬᠡᠤᠮ᠎ᠠ ᠠᠪᠴᠦ ᠬᠤᠳᠠᠯᠳᠤᠬᠤ ᠳᠤ ᠴᠦᠮ ᠮᠠᠰᠢ ᠲᠦᠬᠦᠮ ᠪᠤᠯᠤᠭᠰᠠᠨ᠂ ᠲᠡᠭᠡᠭᠡᠪᠦᠷᠢ ᠶᠢᠨ ᠵᠠᠷᠤᠳᠠᠯ ᠢ ᠴᠤ ᠠᠷᠪᠢᠯᠠᠵᠤ᠂ ᠮᠠᠨ ᠤ ᠮᠠᠯᠴᠢᠳ ᠲᠤ ᠲᠤᠶᠢᠯ ᠤᠨ ᠶᠡᠭᠡ ᠠᠰᠢᠭ ᠬᠦᠷᠳᠡᠬᠡᠵᠤ ᠪᠠᠶᠢᠨ᠎ᠠ ᠬᠡᠵᠤ ᠪᠠᠶᠢᠯ᠎ᠠ᠃      ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠬᠥᠳᠡᠭᠡ ᠲᠣᠰᠬᠤᠨ ᠤ ᠵᠠᠮ ᠨᠢ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠳᠤ ᠲᠥᠬᠦᠮ ᠦᠵᠡᠬᠦᠯᠦᠭᠰᠡᠨ ᠢᠶᠠᠷ ᠪᠠᠷᠠᠬᠤ ᠦᠬᠡᠢ ᠨᠢᠭᠡ ᠪᠦᠯᠦᠭ ᠣᠨᠴᠠᠯᠢᠭᠲᠤ ᠠᠵᠤ ᠦᠢᠯᠡᠰ ᠴᠦ ᠵᠠᠮ ᠳᠠᠭᠠᠤ ᠳᠤ ᠲᠥᠪᠯᠡᠷᠡᠵᠦ ᠢᠷᠡᠭᠰᠡᠨ ᠪᠠᠶᠢᠨ᠎ᠠ᠃       ᠪᠸᠢᠢᠫᠢᠡᠭ ᠴᠠᠭᠠᠰᠤᠨ ᠦᠢᠯᠡᠳᠬᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ  ᠬᠤᠶᠠᠷ ᠪᠤᠭᠳᠠ ᠶᠢᠨ ᠠᠭᠤᠯᠠ ᠶᠢᠨ ᠮᠠᠯᠵᠢᠯ ᠤᠨ ᠲᠠᠯᠠᠪᠠᠶ ᠶᠢᠨ ᠳᠠᠭᠠᠭᠠᠮᠠᠯ ᠬᠠᠨ ᠼᠠᠢ ᠬᠤᠩ ᠬᠡᠯᠡᠬᠦ ᠳᠡᠭᠡᠨ᠂ ᠪᠢᠳᠡ ᠭᠤᠣᠯᠳᠠᠭᠤ ᠨᠣᠣᠰᠣ  ᠨᠣᠣᠯᠣᠭᠤᠷ ᠬᠤᠳᠠᠯᠳᠤᠨ  ᠠᠪᠳᠠᠭ᠂ ᠮᠠᠨ ᠤ ᠡᠨᠡᠬᠦ ᠪᠠᠶᠢᠷᠢᠰᠢᠯ ᠨᠢ ᠮᠠᠯᠴᠢᠳ ᠤᠨ ᠨᠤᠤᠰᠤ ᠨᠣᠣᠯᠣᠭᠤᠷ ᠢᠶᠠᠨ ᠠᠪᠴᠢᠷᠠᠵᠤ ᠬᠤᠳᠠᠯᠳᠤᠬᠤ ᠳᠤ ᠲᠦᠬᠦᠮ ᠮᠦᠷᠳᠡᠬᠡᠨ  ᠮᠠᠨ ᠤ ᠠᠵᠤ ᠠᠬᠤᠶᠢᠯᠠᠯ ᠤᠨ ᠨᠣᠣᠰᠣ ᠨᠣᠣᠯᠣᠭᠤᠷ ᠢ ᠭᠠᠳᠠᠭᠰᠢ ᠭᠠᠷᠭᠠᠬᠤ ᠳᠤ ᠴᠤ ᠮᠠᠰᠢ ᠶᠡᠭᠡ ᠲᠥᠬᠦᠮ ᠪᠤᠯᠵᠤ ᠪᠠᠶᠢᠨ᠎ᠠ ᠬᠡᠪᠡ᠃      ᠬᠦᠳᠡᠭᠡ ᠲᠤᠰᠬᠤᠨ ᠤ ᠵᠠᠮ ᠤᠨ ᠪᠠᠶᠢᠷᠢᠯᠠᠯ ᠪᠦᠲᠦᠴᠡ ᠲᠠᠰᠤᠷᠠᠯᠲᠠ ᠦᠭᠡᠢ ᠰᠢᠯᠢᠳᠡᠭᠵᠢᠵᠦ᠂ ᠬᠠᠮᠤᠷᠬᠤ ᠬᠡᠪᠴᠢᠶ᠎ᠡ ᠨᠢ ᠲᠠᠰᠤᠷᠠᠯᠲᠠ ᠦᠭᠡᠢ ᠳᠡᠭᠡᠭᠰᠢᠯᠡᠨ᠂ ︽ᠭᠠᠳᠠᠭᠰᠢ ᠪᠠᠨ ᠨᠡᠪᠲᠡᠷᠡᠵᠦ ᠳᠣᠲᠣᠷ᠎ᠠ ᠪᠠᠨ ᠬᠤᠯᠪᠣᠯᠳᠤᠨ᠂ ᠬᠦᠳᠡᠭᠡ ᠲᠣᠰᠬᠤᠨ ᠢ  ᠬᠠᠷᠢᠯᠴᠠᠨ ᠬᠤᠯᠪᠤᠭᠠᠯᠠᠬᠤ︾ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠲᠣᠣᠷ ᠨᠢ ᠶᠠᠪᠤᠬᠤ ᠲᠤᠲᠤᠮ ᠨᠢᠭᠲᠠ ᠪᠣᠯᠵᠤ ᠪᠠᠶᠢᠨ᠎ᠠ᠃ ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠵᠢᠯ ᠪᠦᠷᠢ ᠳᠤᠮᠳᠠᠴᠢ ᠪᠠᠷ 500 ᠺᠢᠯᠣᠮᠧᠲᠷ ᠤᠨ ᠬᠠᠷᠠᠯᠲᠠ ᠪᠠᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡ ᠪᠦᠯᠦᠭ ᠠᠵᠤ ᠦᠢᠯᠡᠰ ᠤᠨ ᠵᠠᠮ᠂ ᠶᠠᠳᠠᠭᠤ  ᠠᠴᠠ ᠠᠩᠭᠢᠵᠢᠷᠠᠭᠤᠯᠬᠤ ᠵᠠᠮ᠂ ᠪᠠᠶᠠᠵᠢᠯ ᠤᠨ ᠵᠠᠮ᠂ ᠵᠢᠭᠤᠯᠴᠢᠯᠠᠯ ᠤᠨ ᠵᠠᠮ ᠢ ᠵᠠᠰᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠲᠦᠮᠵᠢᠲᠡᠶ ᠬᠦᠴᠦᠨ ᠨᠡᠮᠡᠷᠢᠯᠡᠪᠡ᠃ 2023 ᠣᠨ ᠳᠤ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠡᠯᠡ ᠣᠷᠣᠭᠤᠯᠤᠯᠲᠠ ᠶᠢ 11.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠬᠤ ᠠᠵᠢᠯ  ᠢ ᠳᠠᠭᠤᠰᠴᠤ᠂ ᠪᠣᠶ ᠪᠦᠬᠦᠢ ᠬᠤᠰᠢᠭᠤ ᠰᠢᠶᠠᠨ ᠲᠣᠭᠤᠷᠢᠭ ᠲᠤ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠡᠨᠡ ᠵᠢᠯ᠂ ᠮᠠᠨ ᠤ ᠬᠤᠲᠠ 660 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠬᠡᠷᠡᠭᠵᠢᠭᠦᠯᠵᠦ᠂ 600 ᠺᠢᠯᠣᠮᠧᠲᠷ ᠤᠨ ᠠᠵᠢᠯ ᠢ ᠳᠠᠭᠤᠰᠬᠠᠵᠤ᠂ 6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ