ᠣᠳᠣᠬᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠦᠶ᠎ᠡ — ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/10/21
      ᠮᠠᠨ ᠤ ᠬᠤᠲᠠ ︽ᠲᠥᠰᠥᠯ ᠢᠶᠠᠷ ᠠᠬᠢᠭᠤᠯᠬᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠪᠠᠩᠬᠢ ᠠᠵᠢᠯᠯᠠᠭ᠎ᠠ ᠥᠷᠨᠢᠭᠦᠯᠬᠦ︾ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠰᠢᠭᠲᠠᠢ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠡᠪᠴᠢᠶ᠎ᠡ ᠶᠢ ᠥᠷᠭᠡᠳᠬᠡᠨ ᠥᠪᠡᠷ ᠤᠨ ᠥᠷᠲᠡᠭ ᠢ ᠪᠠᠭᠤᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ  ᠠᠬᠢᠭᠤᠯᠵᠤ ᠪᠠᠶᠢᠨ᠎ᠠ᠃      ᠪᠠᠶᠠᠨᠨᠠᠭᠤᠷ ᠬᠤᠳᠠ ᠶᠢᠨ ᠶᠦᠩ ᠮᠢᠩ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠪᠣᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠮᠠᠰᠢᠨ ᠲᠥᠬᠦᠭᠡᠷᠦᠮᠵᠢ ᠶᠢ ᠰᠤᠳᠤᠯᠤᠨ ᠨᠡᠭᠡᠭᠡᠬᠦ᠂ ᠦᠢᠯᠡᠳᠬᠦ ᠪᠠ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠲᠣᠨᠣᠭᠯᠠᠯ ᠦᠢᠯᠡᠳᠬᠦ ᠠᠵᠤ ᠠᠬᠤᠶᠢᠯᠠᠯ ᠪᠣᠯᠣᠨ᠎ᠠ᠃ ᠤᠳᠤ ᠨᠡᠷᠡᠨ ᠬᠤᠸᠠᠷ ᠤᠨ ᠬᠠᠯᠢᠰᠤ ᠶᠢ ᠨᠢ ᠰᠠᠯᠭᠠᠵᠤ ᠬᠠᠯᠢᠰᠤ ᠶᠢ ᠨᠢ ᠠᠷᠢᠯᠭᠠᠬᠤ᠂ ᠯᠠᠵᠤᠤ ᠶᠢ ᠬᠤᠪᠢᠶᠠᠨ ᠰᠣᠩᠭᠤᠬᠤ ᠵᠡᠷᠭᠡ ᠲᠦᠷᠪᠡᠨ ᠶᠡᠭᠡ ᠦᠢᠯᠡᠳᠪᠦᠷᠢᠯᠡᠯ ᠤᠨ ᠱᠤᠭᠤᠮ ᠤᠨ ᠲᠥᠬᠦᠭᠡᠷᠦᠮᠵᠢ ᠶᠢᠨ 50 ᠭᠠᠷᠤᠢ ᠲᠦᠷᠦᠯ ᠤᠨ ᠦᠢᠯᠡᠳᠬᠦᠨ ᠪᠠᠶᠢᠵᠤ᠂ ᠣᠳᠣᠬᠠᠨ ᠳᠤ ᠺᠣᠮᠫᠠᠨᠢ ᠶᠢᠨ ᠪᠣᠷᠤᠯᠠᠭᠤᠯᠭ᠎ᠠ ᠶᠢᠨ ᠬᠥᠭᠵᠢᠶᠡᠨᠲᠡᠢ ᠤᠯᠠᠷᠢᠯ ᠳᠤ ᠣᠷᠣᠵᠤ᠂ ᠦᠢᠯᠡᠳᠬᠦᠨ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠪᠣᠷᠣᠯᠠᠭᠤᠯᠤᠭᠳᠠᠵᠤ ᠪᠠᠶᠢᠨ᠎ᠠ᠃       ᠲᠦᠷᠦᠭᠦᠬᠡᠨ᠂ ᠵᠠᠬᠢᠶᠠᠯᠠᠭ᠎ᠠ ᠶᠢᠨ ᠬᠡᠮᠵᠢᠶ᠎ᠡ ᠦᠳᠲᠡᠷ ᠲᠦᠷᠭᠡᠨ ᠳᠡᠭᠡᠭᠰᠢᠯᠡᠬᠦ ᠶᠢ ᠳᠠᠭᠠᠯᠳᠤᠨ᠂ ᠠᠵᠤ ᠠᠬᠤᠶᠢᠯᠠᠯ ᠤᠳ ᠶᠡᠭᠡ ᠬᠡᠮᠵᠢᠶᠡᠨ ᠤ ᠪᠡᠯᠡ ᠮᠥᠩᠭᠦ ᠬᠡᠷᠡᠭᠰᠡᠵᠦ ᠲᠦᠭᠦᠬᠡᠢ ᠮᠠᠲ᠋ᠧᠷᠢᠶᠠᠯ ᠬᠤᠳᠠᠯᠳᠤᠨ ᠠᠪᠴᠤ ᠦᠢᠯᠡᠳᠪᠦᠷᠢᠯᠡᠬᠦ ᠴᠢᠳᠠᠪᠤᠷᠢ ᠪᠠᠨ ᠥᠷᠭᠡᠳᠬᠡᠬᠦ ᠴᠢᠬᠤᠯᠠᠲᠠᠢ ᠪᠣᠯᠵᠠᠢ᠃ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠢ᠂ ᠨᠠᠷᠢᠯᠢᠭ᠂ ᠣᠨᠴᠠ᠂ ᠰᠢᠨ᠎ᠡ︾ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠺᠣᠮᠫᠠᠨᠢ ᠶᠢᠨ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠨᠢ ᠮᠠᠰᠢ ᠲᠦᠷᠭᠡᠨ ᠢᠶᠠᠷ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠶᠢᠨ ᠳᠡᠮᠵᠢᠯᠭᠡ ᠶᠢ ᠣᠯᠵᠤ᠂ ᠠᠵᠤ ᠠᠬᠤᠶᠢᠯᠠᠯ ᠳᠤ 500 ᠲᠦᠮᠡᠨ ᠲᠥᠭᠦᠷᠢᠭ ᠤᠨ ᠲᠤᠰᠬᠠᠢ ᠨᠠᠷᠢᠯᠢᠭ ᠣᠨᠴᠠ ᠰᠢᠨ᠎ᠡ ᠢᠲᠡᠭᠡᠮᠵᠢᠲᠦ ᠵᠢᠭᠡᠯᠡᠯᠭᠡ ᠬᠠᠩᠭᠠᠭᠰᠠᠨ ᠪᠠᠶᠢᠨ᠎ᠠ       ᠪᠠᠶᠠᠨᠨᠠᠭᠤᠷ ᠬᠤᠲᠠ ᠶᠢᠨ ᠶᠦᠩ ᠮᠢᠩ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠹᠠᠨ ᠲᠢᠩ  ᠬᠡᠯᠡᠬᠦ ᠳᠤ ᠪᠠᠨ᠂ ᠡᠨᠡ ᠪᠦᠯᠦᠭ ᠵᠢᠭᠡᠯᠡᠯᠭᠡ ᠨᠢ ᠪᠠᠷᠢᠴᠠᠭ᠎ᠠ ᠦᠭᠡᠢ᠂ ᠬᠦᠦ ᠮᠥᠩᠭᠦ ᠶᠢᠨ ᠨᠣᠷᠮ᠎ᠠ ᠪᠠᠷ ᠳᠣᠣᠷ᠎ᠠ᠂ ᠭᠠᠷ ᠭᠦᠢᠴᠡᠳᠬᠡᠯ ᠳᠤ ᠲᠥᠬᠦᠮ᠃ 2024 ᠣᠨ ᠠᠴᠠ ᠣᠲᠣ ᠪᠣᠯᠲᠠᠯ᠎ᠠ᠂ ᠮᠠᠨ ᠤ ᠺᠣᠮᠫᠠᠨᠢ ᠨᠡᠶᠢᠲᠡ 5000 ᠲᠦᠮᠡᠨ ᠲᠥᠭᠦᠷᠢᠭ ᠤᠨ ᠪᠣᠷᠤᠯᠠᠭᠤᠯᠭ᠎ᠠ ᠶᠢᠨ ᠨᠣᠷᠮ᠎ᠠ ᠶᠢ ᠪᠡᠶᠡᠯᠡᠭᠦᠯᠵᠡᠢ᠂ ᠡᠭᠦᠨ ᠳᠤ ᠭᠠᠳᠠᠭᠠᠳᠤ ᠶᠢᠨ ᠪᠣᠷᠤᠯᠠᠭᠤᠯᠭ᠎ᠠ᠂ ᠣᠯᠠᠨ ᠤᠯᠤᠰ ᠤᠨ ᠵᠠᠬ᠎ᠠ ᠳᠡᠯᠭᠡᠭᠦᠷ ᠢ ᠭᠤᠣᠯᠳᠠᠭᠤ ᠣᠷᠣᠰ᠂ ᠺᠠᠽᠠᠬᠰᠲ᠋ᠠᠨ ᠵᠢᠴᠢ ᠲᠦᠷᠺ᠂ ᠪᠤᠯᠭᠠᠷᠢᠶ᠎ᠠ ᠵᠡᠷᠭᠡ ᠤᠯᠤᠰ ᠲᠤ ᠪᠣᠷᠣᠯᠠᠭᠤᠯᠵᠤ ᠪᠠᠶᠢᠨ᠎ᠠ  ᠭᠡᠯ᠎ᠡ᠃      ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠠᠶᠠᠨᠨᠠᠭᠤᠷ ᠤᠨ ᠬᠤᠪᠢᠶᠠᠷᠢ ᠪᠠᠩᠬᠢ ᠶᠢᠨ ᠬᠢᠨ ᠶᠦᠩ ᠮᠢᠩ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠰᠢᠭ᠋ ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠬᠠᠪᠰᠤᠷᠬᠤ ᠶᠢᠨ ᠲᠥᠯᠥᠭᠡ᠂ ᠡᠯ᠎ᠡ ᠲᠦᠷᠦᠯ ᠤᠨ ᠣᠨᠴᠠᠯᠢᠭᠲᠤ ᠪᠡᠯᠡ ᠮᠥᠩᠭᠦ ᠴᠤᠭᠯᠠᠭᠤᠯᠬᠤ ᠲᠥᠰᠥᠯ ᠭᠠᠷᠭᠠᠵᠤ᠂ ᠠᠵᠤ ᠠᠬᠤᠶᠢᠯᠠᠯ ᠤᠨ ᠪᠡᠯᠡ ᠮᠥᠩᠭᠦᠨ ᠤ ᠳᠠᠷᠤᠭᠠᠰᠤ ᠶᠢ  ᠬᠦᠩᠭᠡᠷᠡᠭᠦᠯᠵᠦ ᠪᠠᠶᠢᠨ᠎ᠠ᠃      ᠡᠨᠡ ᠵᠢᠯ ᠠᠴᠠ ᠨᠠᠰᠢ᠂ ᠠᠷᠠᠳ ᠤᠨ ᠪᠠᠩᠬᠢ ᠶᠢᠨ ᠪᠠᠶᠠᠨᠨᠠᠭᠤᠷ ᠬᠤᠲᠠ ᠶᠢᠨ ᠬᠤᠪᠢᠶᠠᠷᠢ ᠪᠠᠩᠬᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠤᠷᠢᠳ ᠬᠤᠵᠢᠳ ︽ᠪᠠᠶᠠᠨᠨᠠᠭᠤᠷ ᠬᠤᠲᠠ ᠶᠢᠨ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠠᠪᠤᠨ ᠲᠣᠮᠣ ᠶᠠᠪᠤᠳᠠᠯ ᠢ ᠰᠠᠶᠢᠲᠤᠷ ᠬᠢᠬᠦ ᠶᠢ ᠬᠡᠷᠡᠭᠵᠢᠭᠦᠯᠬᠦ ᠲᠥᠰᠥᠯ︾ ︽ᠪᠠᠶᠠᠨᠨᠠᠭᠤᠷ ᠬᠤᠲᠠ ᠶᠢᠨ ᠠᠷᠠᠳ ᠤᠨ ᠡᠵᠡᠩᠨᠡᠯᠲᠡ ᠪᠠ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠠᠵᠢᠯᠯᠠᠭᠠᠨ ᠤ ᠲᠥᠰᠥᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠠᠵᠢᠯ ᠤᠨ ︽ᠡᠭᠦᠷᠭᠡ ᠶᠢᠨ ᠨᠠᠷᠢᠨ ᠲᠠᠩᠰᠠ︾ ᠪᠠ ︽ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠵᠢᠭᠰᠠᠭᠠᠵᠤ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠦᠷᠭᠦᠯᠵᠢᠯᠡᠨ  ᠴᠢᠩᠭᠠᠷᠠᠭᠤᠯᠵᠤ ᠪᠠᠶᠢᠨ᠎ᠠ᠃      ᠠᠷᠠᠳ ᠤᠨ ᠪᠠᠩᠬᠢ ᠶᠢᠨ ᠪᠠᠶᠠᠨᠨᠠᠭᠤᠷ ᠬᠤᠲᠠ ᠶᠢᠨ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠵᠢᠩ ᠴᠤᠸ ᠰᠢᠦᠢ ᠬᠡᠯᠡᠬᠦ ᠳᠤ ᠪᠠᠨ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠶᠡᠭᠡ ᠶᠠᠪᠤᠳᠠᠯ ᠢ ᠪᠥᠬᠦ ᠬᠤᠲᠠ ᠶᠢᠨ ︽ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ︾ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠳᠤ ᠠᠭᠤᠰᠬᠠᠬᠤ ᠶᠢ ᠰᠠᠶᠢᠲᠤᠷ ᠬᠢᠵᠦ᠂ ᠪᠥᠬᠦ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠬᠡᠮᠵᠢᠶ᠎ᠡ ᠶᠢ ᠨᠡᠮᠡᠭᠳᠡᠭᠦᠯᠬᠦ᠂ ᠬᠡᠪᠴᠢᠶ᠎ᠡ ᠶᠢ ᠥᠷᠭᠡᠳᠬᠡᠬᠦ᠂ ᠦᠨ᠎ᠡ ᠬᠠᠩᠰᠢ ᠶᠢ ᠪᠠᠭᠤᠷᠠᠭᠤᠯᠬᠤ ᠶᠢ ᠬᠦᠴᠦᠲᠡᠢ ᠠᠬᠢᠭᠤᠯᠤᠨ᠎ᠠ᠃ 6 ᠰᠠᠷ᠎ᠠ ᠶᠢᠨ ᠡᠴᠦᠰ ᠪᠣᠯᠲᠠᠯ᠎ᠠ᠂ ᠪᠥᠬᠦ ᠬᠤᠲᠠ ᠶᠢᠨ ᠨᠡᠶᠢᠳᠡᠮ ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ ᠲᠤᠭ᠎ᠠ 250.65 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.80% ᠪᠠᠷ ᠨᠡᠮᠡᠭᠳᠡᠨ᠂ ᠡᠯ᠎ᠡ ᠵᠦᠢᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠠᠴᠠ 21.68 ᠵᠠᠭᠤᠨ ᠤ ᠨᠢᠭᠡᠴᠢ ᠥᠨᠳᠥᠷ  ᠪᠤᠯᠤᠭᠰᠠᠨ ᠭᠡᠵᠤ ᠪᠠᠶᠢᠯ᠎ᠠ ᠃ 
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ