ᠣᠶᠢᠷ᠎ᠠ ᠳᠤ᠂ 32 ᠳ᠋ᠤᠭᠠᠷ ᠬᠤᠭᠤᠴᠠᠭᠠᠨ ᠤ ᠭᠤᠸᠠᠩᠵᠧᠦ ᠶᠢᠨ ᠦᠵᠡᠰᠬᠦᠯᠡᠩ ᠤᠨ ᠴᠤᠭᠯᠠᠭᠠᠨ ᠢ ᠭᠤᠸᠠᠩᠵᠧᠦ ᠶᠢᠨ ᠳᠤᠮᠳᠠᠳᠤ ᠤᠯᠤᠰ ᠤᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠠᠷᠠᠯᠵᠢᠶᠠᠨ ᠤ ᠦᠵᠡᠰᠬᠦᠯᠡᠩ ᠤᠨ ᠣᠷᠳᠣᠨ ᠳᠤ ᠡᠷᠭᠢᠯᠡᠵᠦ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ 5 ᠠᠵᠤ ᠠᠬᠤᠶᠢᠯᠠᠯ ᠢ ᠵᠣᠬᠢᠶᠠᠨ ᠪᠠᠶᠢᠭᠤᠯᠵᠤ | ᠦᠵᠡᠰᠬᠦᠯᠡᠩ ᠳᠤ ᠲᠥᠪᠯᠡᠷᠡᠭᠦᠯᠦᠨ ᠣᠷᠣᠯᠴᠠᠭᠤᠯᠪᠠ᠃ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠤᠶᠠᠳᠤᠭᠠᠷ ᠤᠳᠠᠭ᠎ᠠ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠭᠤᠸᠠᠩ ᠪᠥᠸᠧ ᠴᠤᠭᠯᠠᠭᠠᠨ ᠤ ︽ | ᠤᠯᠤᠰ ᠤᠨ ᠳᠣᠲᠣᠭᠠᠳᠤ ᠶᠢᠨ ᠨᠠᠷᠠᠲᠤ ᠰᠢᠯᠢᠳᠡᠭ ᠪᠦᠲᠦᠭᠡᠭᠳᠡᠬᠦᠨ︾ ᠤ ᠦᠵᠡᠭᠦᠯᠭᠡ ᠶᠢᠨ ᠲᠣᠭᠤᠷᠢᠭ ᠲᠤ ᠳᠡᠯᠭᠡᠨ ᠦᠵᠡᠭᠦᠯᠵᠦ᠂ ᠲᠤᠬᠠᠶ ᠶᠢᠨ ᠲᠠᠯᠠᠪᠤᠷ ᠤᠨ | ᠪᠦᠲᠦᠭᠡᠭᠳᠡᠬᠦᠨ ᠢ ᠰᠢᠯᠭᠠᠨ ᠦᠵᠡᠬᠦ᠂ ᠪᠦᠲᠦᠭᠡᠭᠳᠡᠬᠦᠨ ᠢ ᠲᠠᠨᠢᠯᠴᠠᠭᠤᠯᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ︽ᠭᠤᠷᠪᠠᠨ ᠲᠠᠷᠭᠤᠨ ᠦᠨᠳᠡᠭᠡ︾ ᠬᠡᠮᠬᠡ᠂ ︽ᠬᠤᠩ ᠪᠦᠦ ᠢᠳᠡᠭᠡᠨ︾ ᠣᠷᠭᠠᠨᠢᠭ ᠲᠥᠪᠡᠳ ᠬᠠᠰᠢ ᠶᠢᠨ ᠰᠢᠭᠦᠰᠦ᠂ ︽ᠲᠠᠯ᠎ᠠ ᠨᠤᠲᠤᠭ ᠤᠨ ᠰᠢᠨ | ᠾᠧ︾ ᠬᠤᠨᠢᠨ ᠮᠢᠬ᠎ᠠ᠂ ︽ᠭᠤᠸᠠᠨ ᠰᠢᠶᠤᠤ ᠬᠤᠶᠠᠳᠤᠭᠠᠷ︾ ᠠᠮᠲᠠᠲᠤ ᠰᠢᠯᠦᠬᠡᠢ ᠡᠷᠳᠡᠨᠢ ᠰᠢᠰᠢ᠂ ︽ᠾᠧᠩ ᠹᠧᠩ︾ ᠭᠤᠯᠢᠷ ᠵᠡᠷᠭᠡ ᠮᠠᠨ ᠤ ᠬᠤᠲᠠ ᠶᠢᠨ ᠨᠠᠷᠠᠲᠤ | ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠢ ᠭᠦᠢᠴᠡᠳ ᠳᠡᠯᠭᠡᠨ ᠦᠵᠡᠭᠦᠯᠵᠦ᠂ ᠪᠦᠲᠦᠭᠡᠭᠳᠡᠬᠦᠨ ᠬᠤᠳᠠᠯᠳᠤᠨ | ᠠᠪᠤᠭᠰᠠᠨ ᠭᠤᠸᠠᠩᠵᠧᠦ ᠬᠤᠲᠠ ᠶᠢᠨ ᠠᠷᠠᠳ ᠲᠠᠰᠤᠷᠠᠯᠲᠠ ᠥᠬᠡᠶ ᠴᠤᠪᠤᠷᠠᠵᠤ ᠪᠠᠶᠢᠨ᠎ᠠ᠃ ᠲᠤᠬᠠᠶ ᠶᠢᠨ ᠲᠠᠯᠠᠪᠠᠶ ᠳᠤ ᠪᠠᠰᠠ ᠲᠤᠰᠬᠠᠶ ᠮᠡᠷᠭᠡᠵᠢᠯ ᠤᠨ ᠡᠯᠧᠺᠲᠷᠣᠨ | ᠬᠤᠳᠠᠯᠳᠤᠭᠠᠨ ᠤ ᠰᠢᠭᠤᠳ ᠨᠡᠪᠲᠡᠷᠡᠭᠦᠯᠦᠭᠴᠢ ᠶᠢ ᠤᠷᠢᠵᠤ ᠮᠠᠨ ᠤ ᠬᠤᠲᠠ ᠶᠢᠨ 5 ᠶᠡᠭᠡ ᠲᠥᠷᠥᠯ ᠤᠨ 30 ᠭᠠᠷᠤᠶ ᠵᠦᠢᠯ ᠤᠨ ᠲᠠᠸᠠᠷ ᠢ ᠰᠢᠭᠤᠳ ᠨᠡᠪᠲᠡᠷᠡᠭᠦᠯᠬᠦ ᠪᠠ | ᠪᠠᠷᠠᠭ᠎ᠠ ᠠᠪᠤᠭᠤᠯᠵᠤ᠂ ᠮᠠᠨ ᠤ ᠬᠤᠲᠠ ᠶᠢᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠪᠡ᠃ | ᠲᠣᠰ ᠤᠳᠠᠭᠠᠨ ᠤ ᠦᠵᠡᠰᠬᠦᠯᠡᠩ ᠤᠨ ᠴᠤᠭᠯᠠᠭᠠᠨ ᠳᠤ ᠣᠷᠣᠯᠴᠠᠵᠤ᠂ ᠮᠠᠨ ᠤ ᠬᠤᠲᠠ ᠶᠢᠨ ᠠᠵᠤ ᠠᠬᠤᠶᠢᠯᠠᠯ ᠲᠤᠬᠠᠶ ᠶᠢᠨ ᠲᠠᠯᠠᠪᠤᠷ ᠲᠤ 2 ᠲᠦᠮᠡ ᠭᠠᠷᠤᠶ | ᠲᠥᠭᠦᠷᠢᠭ ᠤᠨ ᠠᠷᠠᠯᠵᠢᠶᠠᠨ ᠤ ᠲᠤᠭ᠎ᠠ ᠶᠢ ᠪᠡᠶᠡᠯᠡᠭᠦᠯᠵᠦ᠂ ᠰᠦᠯᠵᠢᠶᠡᠨ ᠳᠡᠭᠡᠷᠡᠬᠢ ᠠᠷᠠᠯᠵᠢᠶ᠎ᠠ ᠶᠢ ᠨᠡᠶᠢᠲᠡ 300 ᠰᠢᠬᠠᠮ ᠪᠡᠶᠡᠯᠡᠭᠦᠯᠵᠦ᠂ ᠵᠠᠯᠭᠠᠭᠠᠳ ᠪᠠᠰᠠ | ᠦᠷᠭᠦᠯᠵᠢᠯᠡᠨ ᠳᠡᠯᠭᠡᠷᠡᠭᠦᠯᠬᠦ ᠪᠣᠯᠤᠨ᠎ᠠ᠃ ᠭᠤᠸᠠᠩ ᠪᠦᠸᠧ ᠴᠤᠭᠯᠠᠭᠠᠨ ᠤ ᠲᠠᠪᠴᠠᠩ ᠢ ᠠᠰᠢᠭᠯᠠᠨ᠂ ᠮᠠᠨ ᠤ ᠬᠤᠲᠠ ᠶᠢᠨ ᠦᠵᠡᠰᠬᠦᠯᠡᠩ ᠳᠤ ᠣᠷᠣᠯᠴᠠᠭᠰᠠᠨ ᠠᠵᠤ | ᠠᠬᠤᠶᠢᠯᠠᠯ ᠪᠣᠯᠤᠨ ᠬᠤᠷᠠᠯ ᠳᠤ ᠣᠷᠣᠯᠴᠠᠭᠰᠠᠨ ᠬᠤᠳᠠᠯᠳᠤᠨ ᠠᠪᠤᠭᠴᠢ ᠬᠤᠳᠠᠯᠳᠤᠭᠠᠴᠢᠨ 1100 ᠭᠠᠷᠤᠶ ᠲᠦᠮᠡᠨ ᠲᠥᠭᠦᠷᠢᠭ ᠤᠨ ᠬᠠᠩᠭᠠᠨ ᠪᠣᠷᠣᠯᠠᠭᠤᠯᠬᠤ | ᠬᠠᠮᠲᠤᠷᠠᠯᠴᠠᠭᠠᠨ ᠤ ᠰᠠᠨᠠᠮᠵᠢ ᠶᠢᠨ ᠲᠤᠭ᠎ᠠ ᠲᠤᠬᠢᠷᠠᠯᠴᠠᠪᠠ᠃ | |