ᠮᠠᠨ ᠤ ᠬᠤᠲᠠ ᠶᠢᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ 29 ᠲᠦᠮᠡᠨ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/11/1
      ᠣᠶᠢᠷ᠎ᠠ ᠳᠤ᠂ ᠮᠠᠨ ᠤ ᠬᠤᠲᠠ ᠶᠢᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠪᠥᠬᠦ ᠲᠠᠯ᠎ᠠ ᠪᠠᠷ ᠳᠠᠭᠤᠰᠴᠤ᠂ 29 ᠲᠦᠮᠡᠨ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ᠃      ᠣᠶᠢᠯᠠᠭᠠᠭᠰᠠᠨ ᠢᠶᠠᠷ᠂ 2022 ᠣᠨ ᠳᠤ᠂ ᠮᠠᠨ ᠤ ᠬᠤᠲᠠ ᠶᠢᠨ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠥᠷᠥᠯ  ᠵᠦᠢᠯ ᠢ ᠲᠠᠪᠤᠳᠤᠭᠠᠷ ᠪᠦᠯᠦᠭ ᠤᠨ ᠲᠥᠪ ᠤᠨ ᠡᠳ᠋ ᠤᠨ ᠵᠠᠰᠠᠭ ᠠᠴᠠ ᠳᠡᠮᠵᠢᠭᠰᠡᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠴᠡᠭ ᠤᠨ ᠲᠥᠷᠥᠯ  ᠵᠦᠢᠯ ᠢ 3 ᠵᠢᠯ ᠬᠤᠪᠢᠶᠠᠨ ᠬᠡᠷᠡᠭᠵᠢᠭᠦᠯᠵᠦ᠂ ᠢᠯᠴᠢ ᠶᠢᠨ ᠢᠷᠡᠯᠲᠡ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ᠂ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠤᠷᠲᠤᠳᠬᠠᠨ ᠥᠭᠡᠷᠡᠴᠢᠯᠡᠬᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠥᠭᠡᠷᠡᠴᠢᠯᠡᠯᠲᠡ᠂ ᠢᠵᠢ ᠪᠥᠷᠢᠳᠦᠭᠦᠯᠬᠦ ᠴᠠᠬᠢᠯᠭᠠᠨ ᠤ ᠲᠣᠤᠷ ᠤᠨ ᠥᠭᠡᠷᠡᠴᠢᠯᠡᠯᠲᠡ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ 5 ᠬᠡᠰᠡᠭ ᠢ ᠪᠠᠭᠲᠠᠭᠠᠵᠤ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 47.66 ᠳ᠋ᠦᠩᠰᠢᠭᠤᠷ ᠲᠥᠭᠦᠷᠢᠭ ᠲᠤ ᠬᠦᠷᠴᠦ᠂ 3393 ᠲᠦᠮᠡᠨ ᠲᠡᠭᠰᠢ ᠳᠥᠷᠪᠡᠯᠵᠢᠨ  ᠮᠧᠲᠷ᠂ 29.1669 ᠲᠦᠮᠡᠨ ᠡᠷᠦᠬᠡ ᠶᠢᠨ ᠥᠭᠡᠷᠡᠴᠢᠯᠡᠯᠲᠡ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠳᠣᠬᠠᠨ ᠳᠤ᠂ ᠲᠥᠷᠥᠯ ᠵᠦᠢᠯ ᠢ ᠨᠢᠭᠡᠨᠲᠡ ᠪᠥᠬᠦ ᠲᠠᠯ᠎ᠠ ᠪᠠᠷ ᠳᠠᠭᠤᠰᠬᠠᠵᠤ᠂ ᠵᠢᠱᠢᠯᠲᠡ ᠪᠠᠷ ᠵᠢᠯ ᠪᠦᠷᠢ 25.12 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 65.81 ᠲᠦᠮᠡᠨ ᠲᠣᠨ ᠪᠠᠭᠤᠷᠠᠭᠤᠯᠵᠤ᠂ PM2.5 ᠵᠢᠯ ᠤᠨ ᠳᠤᠮᠳᠠᠴᠢ ᠥᠳᠬᠡᠴᠡ ᠶᠢ ᠪᠣᠰᠤᠭ᠎ᠠ ᠳᠥᠷᠪᠡᠯᠵᠢᠨ  ᠮᠧᠲᠷ ᠪᠦᠷᠢ 29 ᠮᠢᠺᠷᠣᠭ᠍ᠷᠠᠮ ᠠᠴᠠ ᠳᠣᠭᠤᠭᠰᠢ ᠪᠣᠯᠲᠠᠯ᠎ᠠ ᠪᠠᠭᠤᠷᠠᠭᠤᠯᠤᠨ᠎ᠠ ᠭᠡᠪᠡ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ