ᠡᠨᠡ ᠵᠢᠯ ᠮᠠᠨ ᠤ ᠬᠤᠲᠠ ᠶᠢᠨ ᠭᠠᠵᠠᠷ ᠰᠢᠷᠣᠶ ᠶᠢᠨ ᠡᠷᠭᠢᠯᠲᠡ ᠶᠢᠨ ᠲᠠᠯᠠᠪᠠᠶ 496.41 ᠲᠦᠮᠡᠨ ᠮᠥ ᠳᠤ ᠬᠥᠷᠪᠡ
ᠨᠡᠶᠢᠲᠡᠯᠡᠭᠰᠡᠨ ᠴᠠᠭ᠄
2024/11/12
      ᠡᠨᠡ ᠵᠢᠯ᠂ ᠮᠠᠨ ᠤ ᠬᠤᠲᠠ ᠶᠢᠨ ᠭᠠᠵᠠᠷ ᠰᠢᠷᠣᠶ ᠶᠢᠨ ᠡᠷᠭᠢᠯᠲᠡ ᠶᠢᠨ ᠲᠠᠯᠠᠪᠠᠶ 496.41 ᠲᠦᠮᠡᠨ ᠮᠥ ᠳᠤ ᠬᠦᠷᠴᠦ᠂ ᠭᠠᠵᠠᠷ ᠰᠢᠷᠣᠶ ᠶᠢᠨ ᠡᠷᠭᠢᠯᠲᠡ ᠶᠢᠨ ᠭᠡᠷ᠎ᠡ 10.75 ᠲᠦᠮᠡᠨ ᠬᠤᠪᠢ ᠲᠣᠭᠲᠠᠵᠤ᠂ ᠭᠡᠷ᠎ᠡ ᠶᠢᠨ ᠲᠠᠯᠠᠪᠠᠶ ᠨᠢ 386.69 ᠲᠦᠮᠡᠨ ᠮᠥ ᠪᠠᠶᠢᠨ᠎ᠠ᠃      ᠮᠠᠨ ᠤ ᠬᠤᠲᠠ ᠶᠢᠨ ᠭᠠᠵᠠᠷ ᠰᠢᠷᠣᠶ ᠶᠢᠨ ᠡᠷᠭᠢᠯᠲᠡ ᠶᠢᠨ ᠭᠤᠣᠯ ᠴᠣᠭᠴᠠ ᠪᠣᠯ ᠭᠤᠤᠯᠳᠠᠭᠤ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠠ ᠲᠠᠷᠢᠶᠠᠴᠢᠨ ᠡᠷᠦᠬᠡ ᠪᠣᠯᠤᠨ᠎ᠠ᠃ ᠡᠭᠦᠨ ᠳᠤ᠂ ᠲᠠᠷᠢᠶᠠᠴᠢᠨ ᠡᠷᠦᠬᠡ ᠶᠢᠨ ᠬᠤᠭᠤᠷᠣᠨᠳᠣᠬᠢ ᠬᠠᠷᠢᠯᠴᠠᠨ ᠡᠷᠭᠢᠯᠳᠦᠭᠦᠯᠬᠦ ᠲᠠᠯᠠᠪᠠᠶ ᠨᠡᠯᠢᠶᠡᠳ ᠶᠡᠭᠡ ᠪᠠᠶᠢᠵᠤ᠂ 57%᠎ ᠳᠤ ᠬᠥᠷᠪᠡ︔ ᠠᠵᠤ ᠠᠬᠤᠶᠢᠯᠠᠯ᠂ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠳᠤ ᠡᠷᠭᠢᠯᠲᠡ ᠳᠤ ᠣᠷᠣᠭᠤᠯᠤᠭᠰᠠᠨ ᠲᠠᠯᠠᠪᠠᠢ ᠲᠣᠰ ᠲᠣᠰ 25.6%᠂ 13.61%᠂ 3.75%᠎ ᠶᠢ ᠡᠵᠡᠯᠡᠪᠡ᠃      ᠭᠠᠵᠠᠷ ᠰᠢᠷᠣᠶ ᠶᠢᠨ ᠡᠷᠭᠢᠯᠲᠡ ᠶᠢ ᠠᠬᠢᠭᠤᠯᠬᠤ ᠶᠠᠪᠤᠴᠠ ᠳᠤ᠂ ᠮᠠᠨ ᠤ ᠬᠤᠲᠠ ᠭᠠᠵᠠᠷ ᠰᠢᠷᠣᠶ ᠶᠢᠨ ᠡᠷᠭᠢᠯᠲᠡ ᠶᠢᠨ ᠦᠢᠯᠡᠴᠢᠯᠡᠭᠡᠨ ᠤ ᠨᠡᠯᠢᠶᠡᠳ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠪᠠ᠃ ᠬᠤᠲᠠ᠂ ᠰᠢᠶᠠᠨ᠂ ᠰᠢᠶᠠᠩ᠂ ᠲᠣᠰᠬᠤᠨ ᠵᠡᠷᠭᠡ ᠠᠳᠠᠯᠢ ᠪᠤᠰᠤ ᠱᠠᠳᠤ ᠳᠠᠪᠬᠤᠷᠭ᠎ᠠ ᠠᠴᠠ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠦᠢᠯᠡᠴᠢᠯᠡᠭᠡᠨ ᠤ ᠥᠷᠲᠡᠭᠡ ᠴᠡᠭ ᠢ ᠪᠠᠶᠢᠭᠤᠯᠵᠤ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠮᠡᠳᠡᠭᠡ ᠵᠠᠩᠭᠢ ᠨᠡᠶᠢᠲᠡᠯᠡᠬᠦ᠂ ᠭᠡᠷ᠎ᠡ ᠶᠢ ᠰᠢᠯᠭᠠᠨ ᠭᠡᠷᠡᠴᠢᠯᠡᠬᠦ᠂ ᠵᠢᠭᠤᠷᠠᠯᠳᠤᠭᠠᠨ ᠢ ᠡᠶᠡᠳᠡᠭᠦᠯᠬᠦ ᠵᠡᠷᠭᠡ ᠦᠢᠯᠡᠴᠢᠯᠡᠭᠡ ᠶᠢ ᠬᠠᠩᠭᠠᠨ᠎ᠠ᠃ ᠣᠳᠣᠬᠠᠨ ᠳᠤ᠂ ᠪᠥᠬᠦ ᠬᠤᠲᠠ ᠶᠢᠨ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ  ᠦᠢᠯᠡᠴᠢᠯᠡᠭᠡᠨ ᠤ ᠥᠷᠲᠡᠭᠡ ᠶᠢᠨ ᠲᠤᠭ᠎ᠠ ᠨᠡᠶᠢᠲᠡ 67 ︵ᠡᠭᠦᠨ ᠳᠤ ᠯᠢᠨ ᠾᠧ ᠲᠣᠭᠤᠷᠢᠭ ᠲᠤ 16᠂ ᠦᠶᠤᠸᠠᠨ ᠰᠢᠶᠠᠨ ᠳᠤ 10᠂ ᠬᠠᠩᠭᠢᠨ ᠬᠤᠶᠢᠲᠤ ᠬᠤᠰᠢᠭᠤᠨ ᠳᠤ 16᠂ ᠳ᠋ᠧᠩᠺᠸᠦ ᠰᠢᠶᠠᠨ ᠳᠤ 7᠂ ᠤᠷᠠᠳ ᠤᠨ ᠡᠮᠦᠨᠡᠲᠦ ᠬᠤᠰᠢᠭᠤᠨ ᠳᠤ 8᠂ ᠤᠷᠠᠳ ᠤᠨ ᠳᠤᠮᠳᠠᠳᠤ ᠬᠤᠰᠢᠭᠤᠨ ᠳᠤ 6᠂ ᠤᠷᠠᠳ ᠤᠨ ᠬᠤᠶᠢᠲᠤ ᠬᠤᠰᠢᠭᠤᠨ ᠳᠤ 4 ᠪᠣᠶ︶ ᠪᠣᠶ᠃ ᠮᠠᠨ ᠤ ᠬᠤᠲᠠ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠬᠡᠪᠴᠢᠶᠡᠵᠢᠭᠦᠯᠦᠨ ᠡᠵᠡᠩᠨᠡᠬᠦ ᠶᠢ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠ ᠮᠠᠰᠢᠨᠴᠢᠯᠠᠨ ᠠᠵᠢᠯᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠮᠡᠷᠭᠡᠵᠢᠯ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠪᠡ᠃      ᠬᠤᠶᠢᠰᠢᠳᠠ᠂ ᠮᠠᠨ ᠤ ᠬᠤᠲᠠ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠰᠢᠨ᠎ᠡ ᠵᠠᠭᠪᠤᠷ ᠪᠠ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢᠨ ᠬᠠᠮᠲᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠢᠨ ᠬᠢᠨᠠᠯᠲᠠ ᠬᠠᠮᠢᠶᠠᠷᠤᠯᠲᠠ ᠪᠠ ᠵᠢᠯᠣᠭᠤᠳᠣᠯᠭ᠎ᠠ ᠶᠢ ᠴᠢᠩᠭᠠᠳᠬᠠᠵᠤ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠠᠵᠢᠯ ᠢ ᠨᠠᠩ ᠵᠢᠷᠤᠮᠵᠢᠭᠰᠠᠨ᠂ ᠳᠦᠷᠢᠮᠵᠢᠭᠰᠡᠨ᠂ ᠰᠢᠨᠵᠢᠯᠡᠬᠦ ᠤᠬᠠᠭᠠᠨᠴᠢᠯᠠᠬᠤ ᠶᠢ ᠳᠥᠯᠭᠢᠨ ᠠᠬᠢᠭᠤᠯᠤᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ