︽ᠬᠦᠬᠡᠮᠳᠦᠭ ᠤᠰᠤ ᠬᠦᠬᠡ ᠣᠭᠲᠠᠷᠭᠤᠶ · ᠤᠯᠠᠭᠠᠨᠰᠤᠬᠠᠢ︾ ᠳᠥᠷᠪᠡᠳᠦᠭᠡᠷ ᠬᠤᠭᠤᠴᠠᠭᠠᠨ ᠤ ᠭᠡᠷᠡᠯ ᠵᠢᠷᠤᠭ ᠤᠨ ᠪᠦᠲᠦᠭᠡᠯ ᠤᠨ ᠤᠷᠢᠯᠭ᠎ᠠ ᠶᠢᠨ ᠦᠵᠡᠭᠦᠯᠭᠡ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/13
      11 ᠰᠠᠷ᠎ᠠ ᠶᠢᠨ 3᠎ ᠤ ᠡᠳᠦᠷ᠂ ︽ᠬᠥᠬᠡᠮᠳᠦᠭ ᠤᠰᠤ ᠬᠦᠬᠡ ᠣᠭᠲᠠᠷᠭᠤᠶ · ᠤᠯᠠᠭᠠᠨᠰᠤᠬᠠᠢ︾᠎ ᠶᠢᠨ ᠳᠥᠷᠪᠡᠳᠦᠭᠡᠷ ᠬᠤᠭᠤᠴᠠᠭᠠᠨ ᠤ ᠬᠡᠷᠡᠯ ᠵᠢᠷᠤᠭ ᠤᠨ ᠪᠦᠲᠦᠭᠡᠯ ᠤᠨ ᠤᠷᠢᠯᠭ᠎ᠠ ᠶᠢᠨ ᠦᠵᠡᠭᠦᠯᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠳᠤ ᠡᠬᠢᠯᠡᠪᠡ᠃ ᠲᠣᠰ ᠤᠳᠠᠭᠠᠨ ᠤ ᠦᠵᠡᠭᠦᠯᠭᠡ ᠪᠣᠯ ᠤᠷᠠᠳ ᠤᠨ ᠡᠮᠦᠨᠡᠲᠦ ᠬᠤᠰᠢᠭᠤᠨ ᠤ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠳᠤ ᠬᠦᠷᠴᠦ ᠬᠢᠭᠰᠡᠨ ᠰᠢᠷᠢᠰ ᠦᠵᠡᠭᠦᠯᠭᠡ ᠶᠢᠨ ᠠᠵᠢᠯᠯᠠᠭ᠎ᠠ ᠮᠥᠨ᠂ ᠪᠠᠰᠠ ᠴᠤ ᠪᠠᠶᠠᠨᠨᠠᠭᠤᠷ ᠬᠤᠲᠠ ᠶᠢᠨ ᠬᠤᠰᠢᠭᠤ ᠰᠢᠶᠠᠨ ᠤ ᠨᠢᠭᠡᠴᠢ ᠶᠢᠨ ᠴᠣᠷ ᠤᠨ ᠭᠠᠭᠴᠠ ᠦᠵᠡᠭᠦᠯᠭᠡ ᠮᠥᠨ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ᠂ ᠤᠷᠠᠳ ᠤᠨ ᠡᠮᠦᠨᠡᠲᠦ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠳᠤᠮᠳᠠᠳᠤ ᠤᠯᠤᠰ ᠤᠨ ᠬᠡᠷᠡᠯ ᠵᠢᠷᠤᠭᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠤᠷᠠᠯᠢᠭ ᠤᠨ ᠬᠡᠷᠡᠯ ᠵᠢᠷᠤᠭ ᠤᠨ ᠨᠡᠶᠢᠭᠡᠮᠯᠢᠭ᠂ ᠪᠤᠭᠤᠲᠤ ᠬᠤᠲᠠ ᠶᠢᠨ ᠬᠡᠷᠡᠯ ᠵᠢᠷᠤᠭᠴᠢᠳ ᠤᠨ ᠨᠡᠶᠢᠭᠡᠮᠯᠢᠭ᠂ ᠪᠠᠶᠠᠨᠨᠠᠭᠤᠷ ᠬᠤᠲᠠ ᠶᠢᠨ ᠬᠡᠷᠡᠯ ᠵᠢᠷᠤᠭᠴᠢᠳ ᠤᠨ ᠨᠡᠶᠢᠭᠡᠮᠯᠢᠭ᠂ ᠤᠷᠠᠳ ᠤᠨ ᠡᠮᠦᠨᠡᠲᠦ ᠬᠤᠰᠢᠭᠤᠨ ᠤ ᠬᠡᠷᠡᠯ ᠵᠢᠷᠤᠭᠴᠢᠳ ᠤᠨ ᠨᠡᠶᠢᠭᠡᠮᠯᠢᠭ᠂ ᠤᠷᠠᠳ ᠤᠨ ᠡᠮᠦᠨᠡᠲᠦ ᠬᠤᠰᠢᠭᠤᠨ ᠤ ᠰᠣᠶᠣᠯ ᠤᠨ ᠣᠷᠳᠣᠨ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠥᠷᠭᠡᠨ ᠣᠯᠠᠨ ᠬᠡᠷᠡᠯ ᠵᠢᠷᠤᠭ ᠤᠨ ᠪᠠᠭ᠋ᠠᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠬᠡᠷᠡᠯ ᠵᠢᠷᠤᠭ ᠤᠨ ᠦᠵᠡᠭᠦᠯᠭᠡ ᠶᠢ ᠲᠣᠭᠤᠷᠢᠨ ᠦᠵᠡᠪᠡ᠃      ᠲᠣᠰ ᠤᠳᠠᠭᠠᠨ ᠤ ᠦᠵᠡᠭᠦᠯᠭᠡ ᠨᠢ ︽ᠬᠥᠬᠡᠬᠤᠲᠠ᠂ ᠪᠤᠭᠤᠲᠤ᠂ ᠣᠷᠳᠣᠰ᠂ ᠪᠠᠶᠠᠨᠨᠠᠭᠤᠷ᠂ ᠦᠬᠠᠢ︾ ᠬᠠᠲᠤᠨ ᠭᠤᠤᠯ ᠳᠠᠭᠠᠤ ᠲᠠᠪᠤᠨ ᠭᠠᠵᠠᠷ ᠤᠨ 30 ᠭᠠᠷᠤᠶ ᠭᠠᠷᠮᠠᠭᠠᠶ ᠬᠡᠷᠡᠯ ᠵᠢᠷᠤᠭᠴᠢᠳ ᠤᠨ ᠰᠣᠳᠣᠨ ᠪᠦᠲᠦᠭᠡᠯ ᠢ ᠳᠡᠯᠭᠡᠨ ᠦᠵᠡᠭᠦᠯᠵᠦ᠂ ᠤᠯᠠᠭᠠᠨᠰᠤᠬᠠᠢ ᠶᠢᠨ ᠠᠮᠢ ᠠᠬᠤᠶ ᠶᠢᠨ ᠬᠤᠪᠢᠷᠠᠯᠲᠠ ᠶᠢ ᠠᠮᠢᠳᠤᠯᠢᠭ ᠲᠡᠮᠳᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠤ᠋ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠂ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠥᠷᠨᠢᠩᠭᠦᠶ ᠬᠥᠭᠵᠢᠯᠲᠡ ᠵᠢᠴᠢ ᠡᠯᠪᠡᠭ ᠪᠠᠶᠠᠯᠢᠭ ᠠᠷᠠᠳ ᠤᠨ ᠵᠠᠩ ᠦᠢᠯᠡ ᠶᠢᠨ ᠰᠣᠶᠣᠯ ᠢ ᠲᠡᠮᠳᠡᠭᠯᠡᠭᠰᠡᠨ ᠪᠠᠶᠢᠨ᠎ᠠ᠃ ᠪᠦᠲᠦᠭᠡᠯ ᠨᠢᠭᠡᠪᠦᠷᠢ ᠨᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ ᠭᠦᠨ ᠵᠤᠵᠠᠭᠠᠨ ᠬᠦᠰᠡᠯ ᠵᠥᠩᠨᠡᠯ ᠢ ᠠᠬᠤᠭᠤᠯᠵᠤ᠂ ᠤᠮᠠᠷᠠᠲᠤ ᠬᠢᠯᠢ ᠶᠢᠨ ᠡᠬᠡ ᠭᠠᠵᠠᠷ ᠢ ᠬᠠᠶᠢᠷᠠᠯᠠᠬᠤ ᠪᠠ ᠮᠠᠭᠲᠠᠨ ᠰᠠᠶᠢᠰᠢᠶᠠᠵᠤ᠂ ᠭᠡᠷᠡᠯ ᠵᠢᠷᠤᠭ ᠤᠨ ᠤᠷᠠᠯᠢᠭᠴᠢᠳ ᠤᠨ ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠬᠦ︾ ᠤᠷᠠᠯᠢᠭ ᠤᠨ ᠬᠥᠭᠡᠭᠡᠴᠡᠯᠳᠦᠯ ᠢ ᠭᠦᠢᠴᠡᠳ ᠢᠯᠡᠷᠡᠭᠦᠯᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠢᠯᠭ᠎ᠠ ᠶᠢᠨ ᠦᠵᠡᠭᠦᠯᠭᠡ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠤᠷᠠᠳ ᠤᠨ ᠡᠮᠦᠨᠡᠲᠦ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠨ ᠡᠷᠭᠢᠯᠡᠵᠦ᠂ ᠤᠷᠠᠳ ᠤᠨ ᠡᠮᠦᠨᠡᠲᠦ ᠬᠤᠰᠢᠭᠤᠨ ᠤ ᠰᠣᠶᠣᠯ ᠤᠨ ᠣᠷᠳᠣᠨ ︵ᠤᠷᠠᠨ ᠵᠢᠷᠤᠭ ᠤᠨ ᠣᠷᠳᠣᠨ︶᠎ ᠠᠴᠠ ᠬᠦᠢᠴᠡᠳᠭᠡᠪᠡ᠃ ᠭᠡᠷᠡᠯ ᠵᠢᠷᠤᠭ ᠤᠨ ᠦᠵᠡᠭᠦᠯᠭᠡ ᠨᠢ 11 ᠰᠠᠷ᠎ᠠ ᠶᠢᠨ 30᠎ ᠤ ᠡᠳᠦᠷ ᠪᠣᠯᠲᠠᠯ᠎ᠠ 28 ᠡᠳᠦᠷ ᠶᠠᠪᠤᠭᠳᠠᠬᠤ ᠪᠣᠯᠤᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ