2024 ᠣᠨ ᠤ ᠲᠦᠷᠦᠭᠦᠤ ᠭᠤᠷᠪᠠᠨ ᠤᠯᠠᠷᠢᠯ ᠳᠤ ᠤᠷᠠᠳ ᠤᠨ ᠬᠤᠶᠢᠲᠤ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1.4%᠎ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/11/13
      2024 ᠣᠨ ᠤ ᠲᠦᠷᠦᠭᠦᠤ ᠭᠤᠷᠪᠠᠨ ᠤᠯᠠᠷᠢᠯ ᠳᠤ ᠤᠷᠠᠳ ᠤᠨ ᠬᠤᠶᠢᠲᠤ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 119928 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.4%᠎ ᠪᠠᠷ ᠨᠡᠮᠡᠭᠳᠠᠵᠤ᠂ ᠭᠠᠶᠢᠯᠢ ᠶᠢᠨ ᠤᠷᠤᠯᠭ᠎ᠠ 23.6%᠎ ᠪᠠᠷ ᠨᠡᠮᠡᠭᠳᠡᠪᠡ᠃      2024 ᠣᠨ ᠤ ᠲᠦᠷᠦᠭᠦᠤ ᠭᠤᠷᠪᠠᠨ ᠤᠯᠠᠷᠢᠯ ᠳᠤ ᠤᠷᠠᠳ ᠤᠨ ᠬᠤᠶᠢᠲᠤ ᠬᠤᠰᠢᠭᠤᠨ ᠤ ᠭᠠᠶᠢᠯᠢ ᠲᠠᠲᠠᠪᠤᠷᠢ ᠶᠢᠨ ᠣᠷᠣᠯᠭ᠎ᠠ 69148 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 23.6%᠎ ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠡᠯ᠎ᠡ ᠪᠠᠩᠬᠢ ᠶᠢᠨ ᠬᠠᠳᠠᠭᠠᠯᠠᠮᠵᠢ ᠶᠢᠨ ᠦᠯᠡᠳᠡᠪᠦᠷᠢ 63.69 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5%᠎ ᠪᠠᠷ ᠨᠡᠮᠡᠭᠳᠡᠪᠡ︔ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 62.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.6%᠎ ᠪᠠᠷ ᠨᠡᠮᠡᠭᠳᠡᠪᠡ᠃ ᠳᠠᠭᠠᠳᠬᠠᠯ ᠤᠨ ᠦᠢᠯᠡᠰ ᠤᠨ ᠳᠠᠭᠠᠳᠬᠠᠯ ᠤᠨ ᠮᠦᠩᠬᠦ 1.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2 %᠎ ᠢᠶᠠᠷ ᠨᠡᠮᠡᠭᠳᠡᠪᠡ᠃ ᠡᠭᠦᠨ ᠳᠤ ᠡᠳ᠋ ᠬᠥᠷᠥᠩᠭᠡ ᠶᠢᠨ ᠳᠠᠭᠠᠳᠬᠠᠯ ᠤᠨ ᠣᠷᠣᠯᠭ᠎ᠠ 0.6 ᠳ᠋ᠦᠩᠰᠢᠭᠤᠷ ᠬᠦᠷᠴᠦ 13.2 % ᠨᠡᠮᠡᠭᠳᠡᠪᠡ᠃ ᠠᠮᠢ ᠨᠠᠰᠤᠨ ᠤ ᠳᠠᠭᠠᠳᠬᠠᠯ ᠤᠨ ᠣᠷᠣᠯᠭ᠎ᠠ 0.50 ᠳ᠋ᠦᠩᠰᠢᠭᠤᠷ ᠲᠥᠭᠦᠷᠢᠭ ᠲᠤ ᠬᠦᠷᠴᠦ᠂ 8.4%᠎ ᠪᠠᠷ ᠪᠠᠭᠤᠷᠠᠪᠠ᠃      9 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠳ᠋ᠦᠩᠰᠢᠭᠤᠷ ᠲᠥᠭᠦᠷᠢᠭ ᠢ ᠳᠠᠪᠠᠭᠰᠠᠨ ᠨᠡᠶᠢᠲᠡ 18 ᠡᠷᠦᠬᠡ ᠪᠠᠶᠢᠵᠤ᠂ ᠠᠵᠤ ᠦᠢᠯᠡᠳᠪᠤᠷᠢ ᠶᠢᠨ ᠦᠢᠯᠡᠳᠬᠦᠨ ᠤ ᠶᠡᠷᠦᠩᠬᠡᠶ ᠥᠷᠲᠡᠭ ᠨᠢ ᠪᠥᠬᠦ ᠠᠵᠤ ᠦᠢᠯᠡᠳᠪᠤᠷᠢ ᠶᠢᠨ ᠦᠢᠯᠡᠳᠬᠦᠨ ᠤ ᠥᠷᠲᠡᠭ ᠤᠨ 94%᠎ ᠶᠢ ᠡᠵᠡᠯᠡᠪᠡ︔ ᠦᠢᠯᠡᠳᠬᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠢ ᠳᠠᠪᠠᠭᠰᠠᠨ ᠨᠡᠶᠢᠲᠡ 3 ᠡᠷᠦᠬᠡ ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠨᠢ ᠪᠥᠬᠦ ᠠᠵᠤ ᠦᠢᠯᠡᠳᠪᠣᠷᠢ ᠶᠢᠨ ᠦᠢᠯᠡᠳᠬᠦᠨ ᠤ ᠥᠷᠲᠡᠭ ᠤᠨ 66.3%᠎ ᠶᠢ ᠡᠵᠡᠯᠡᠪᠡ᠃      9 ᠰᠠᠷ᠎ᠠ ᠶᠢᠨ ᠰᠡᠭᠦᠯᠴᠢ ᠪᠣᠯᠲᠠᠯ᠎ᠠ᠂ ᠤᠷᠠᠳ ᠤᠨ ᠬᠤᠶᠢᠳᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ᠂ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 3.8% ᠨᠡᠮᠡᠭᠳᠡᠪᠡ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 21%᠎ ᠪᠠᠷ ᠨᠡᠮᠡᠭᠳᠡᠪᠡ︔ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 22.3 %᠎ ᠪᠠᠷ ᠨᠡᠮᠡᠭᠳᠡᠪᠡ       9 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠭᠤᠤᠯᠳᠠᠯᠭ᠎ᠠ ᠲᠠᠢ ᠬᠢᠨᠠᠨ ᠬᠡᠮᠵᠢᠭᠰᠡᠨ 11 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 6 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 55%᠎ ᠳᠤ ᠬᠦᠷᠴᠡᠶ᠃ ᠡᠭᠦᠨ ᠳᠤ᠂ ᠵᠡᠰ ᠤᠨ ᠨᠠᠷᠢᠯᠢᠭ ᠬᠦᠳᠡᠷ 1.9 ᠲᠦᠮᠡᠨ ᠲᠣᠨ ᠳᠤ ᠬᠦᠷᠴᠦ᠂ 42.9%᠎ ᠪᠠᠷ ᠨᠡᠮᠡᠭᠳᠡᠪᠡ︔ ᠬᠦᠬᠦᠷ ᠲᠡᠮᠦᠷ ᠤᠨ ᠬᠦᠳᠡᠷ 47.4 ᠲᠦᠮᠡᠨ ᠲᠣᠨ ᠳᠤ ᠬᠦᠷᠴᠦ᠂ 51.1%᠎ ᠪᠠᠷ ᠨᠡᠮᠡᠭᠳᠡᠪᠡ︔ ᠬᠦᠬᠦᠷ ᠬᠦᠴᠢᠯ ᠤᠨ ᠬᠤᠶᠠᠷᠴᠢ ᠠᠮᠮᠣᠨᠢ 11 ᠲᠦᠮᠡᠨ ᠲᠣᠨ ᠳᠤ ᠬᠦᠷᠴᠦ᠂ 137.4%᠎ ᠪᠠᠷ ᠨᠡᠮᠡᠭᠳᠡᠪᠡ︔ ᠠᠵᠤ ᠦᠢᠯᠡᠳᠪᠦᠷᠢ ᠶᠢᠨ ᠴᠠᠬᠢᠭᠤᠷ 2.7 ᠲᠦᠮᠡᠨ ᠲᠣᠨ ᠳᠤ ᠬᠦᠷᠴᠦ᠂ 37.8%᠎ ᠪᠠᠷ ᠨᠡᠮᠡᠭᠳᠡᠪᠡ︔ ᠴᠠᠶᠢᠷ ᠤᠨ ᠲᠡᠪᠬᠡ 18 ᠲᠦᠮᠡᠨ ᠲᠣᠨ ᠳᠤ ᠬᠦᠷᠴᠦ᠂ 20.9%᠎ ᠪᠠᠷ ᠨᠡᠮᠡᠭᠳᠡᠪᠡ᠃ 
ᠢᠷᠡᠯᠲᠡ᠄ ᠤᠷᠠᠳ ᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ