ᠲᠠᠷᠢᠶᠠᠴᠢᠳ ᠤᠨ ᠡᠷᠳᠡᠨᠢ ᠰᠢᠰᠢ᠂ ᠪᠤᠷᠴᠠᠭ᠂ ᠲᠥᠮᠥᠰᠥ ᠳᠠᠷᠢᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠵᠤ᠂ ᠠᠮᠤ ᠪᠤᠳᠠᠭᠠᠨ ᠤ | ᠦᠢᠯᠡᠳᠪᠦᠷᠢᠯᠡᠯ ᠢ ᠲᠣᠭᠲᠠᠪᠤᠷᠢᠵᠢᠭᠤᠯᠤᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠤᠷᠠᠳ ᠤᠨ ᠳᠤᠮᠳᠠᠳᠤ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽2024 ᠣᠨ ᠤ ᠤᠷᠠᠳ ᠤᠨ ᠳᠤᠮᠳᠠᠳᠤ ᠬᠤᠰᠢᠭᠤᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ | ᠲᠠᠷᠢᠬᠤ ᠨᠥᠬᠦᠪᠥᠷᠢ ᠥᠭᠬᠦ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠲᠠᠷᠢᠶᠠᠴᠢᠨ ᠡᠷᠦᠬᠡ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠵᠦ | ᠳᠠᠩᠰᠠᠯᠠᠭᠤᠯᠬᠤ᠂ ᠭᠠᠴᠠᠭ᠎ᠠ ᠲᠣᠰᠬᠤᠨ ᠬᠢᠨᠠᠨ ᠬᠠᠷᠭᠤᠭᠤᠯᠬᠤ᠂ ᠢᠯᠡ ᠨᠡᠶᠢᠲᠡᠯᠡᠬᠦ ᠪᠠᠷ ᠳᠡᠮᠵᠢᠨ᠂ ᠰᠤᠮᠤ ᠪᠠᠯᠭᠠᠰᠤ ᠵᠢᠴᠢ ᠬᠤᠰᠢᠭᠤᠨ ᠤ᠂ ᠲᠤᠭ᠎ᠠ | ᠪᠦᠷᠢᠳᠬᠡᠯ ᠤᠨ ᠰᠠᠯᠠᠭ᠎ᠠ ᠮᠥᠴᠢᠷ ᠬᠢᠨᠠᠨ ᠪᠠᠶᠢᠴᠠᠭᠠᠵᠤ᠂ ᠣᠷᠠᠳ ᠤᠨ ᠳᠣᠮᠳᠠᠳᠣ ᠬᠤᠰᠢᠭᠤᠨ ᠤ 2024 ᠣᠨ ᠤ ᠡᠷᠳᠡᠨᠢ ᠰᠢᠰᠢ ᠪᠤᠷᠴᠠᠭ ᠪᠠ ᠲᠥᠮᠥᠰᠥ | ᠲᠠᠷᠢᠬᠤ ᠨᠥᠬᠦᠪᠥᠷᠢ ᠥᠭᠬᠦ ᠲᠠᠯᠠᠪᠠᠢ 94.49 ᠲᠦᠮᠡᠨ ᠮᠥ ᠶᠢ ᠬᠢᠨᠠᠨ ᠲᠣᠭᠲᠠᠭᠠᠪᠠ᠃ | ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠪᠦᠷᠢᠨ ᠴᠢᠳᠠᠪᠬᠢᠲᠦ ᠺᠠᠷᠲ︾ ᠤᠨ ᠰᠢᠰᠲ᠋ᠧᠮ ᠢᠶᠠᠷ | ᠳᠠᠮᠵᠢᠭᠤᠯᠤᠨ 4174 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ᠃ ᠡᠭᠦᠨ ᠳᠤ᠂ ᠡᠷᠳᠡᠨᠢ ᠰᠢᠰᠢ ᠲᠠᠷᠢᠬᠤ ᠨᠥᠬᠦᠪᠥᠷᠢ ᠶᠢ 2515 ᠲᠦᠮᠡᠨ | ᠲᠥᠭᠦᠷᠢᠭ᠂ ᠪᠤᠷᠴᠠᠭ ᠤᠨ ᠲᠠᠷᠢᠬᠤ ᠨᠦᠬᠦᠪᠦᠷᠢ ᠶᠢ 1651 ᠲᠦᠮᠡᠨ ᠲᠥᠭᠦᠷᠢᠭ᠂ ᠲᠥᠮᠥᠰᠥ ᠲᠠᠷᠢᠬᠤ ᠨᠦᠬᠦᠪᠦᠷᠢ ᠶᠢ 8 ᠲᠦᠮᠡᠨ ᠲᠥᠭᠦᠷᠢᠭ ᠲᠠᠷᠬᠠᠭᠠᠵᠣ᠂ | ᠨᠡᠶᠢᠲᠡ 12352 ᠲᠠᠷᠢᠶᠠᠴᠢᠨ ᠳᠤ ᠬᠤᠯᠪᠣᠭᠳᠠᠪᠠ᠃ | ᠲᠠᠷᠠᠭᠠᠴᠢ ᠶᠢᠨ ᠠᠯᠬᠤᠮ ᠳᠤ᠂ ᠤᠷᠠᠳ ᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠠᠷᠢᠶᠠᠯᠠᠩ ᠢ ᠬᠦᠴᠦᠷᠬᠡᠭᠵᠢᠭᠦᠯᠦᠨ | ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ | ᠨᠥᠬᠦᠪᠥᠷᠢ ᠪᠠᠯᠠ ᠮᠥᠩᠭᠦ ᠶᠢ ᠴᠠᠭ ᠲᠤᠬᠠᠶ ᠳᠤᠨᠢ᠂ ᠠᠮᠤᠷ ᠲᠦᠪᠰᠢᠨ᠂ ᠭᠦᠢᠴᠡᠳ ᠲᠤᠭ᠎ᠠ ᠪᠠᠷ ᠲᠠᠷᠬᠠᠭᠠᠬᠤ ᠶᠢ ᠪᠠᠲᠤᠯᠠᠵᠤ᠂ ᠠᠷᠠᠳ ᠲᠤ ᠠᠰᠢᠭ ᠬᠦᠷᠲᠡᠭᠡᠬᠦ | ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠲᠠᠷᠢᠶᠠᠯᠠᠩ ᠤᠨ ᠣᠳᠣᠬᠢᠴᠢᠯᠠᠯᠲᠠ ᠶᠢ | ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠪᠣᠢ᠃ | | | |