10 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠵᠠᠩ ᠬᠤᠩ ᠹᠦ᠋ ᠬᠤᠲᠠ ᠶᠢᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ᠂ ᠬᠤᠲᠠ ᠶᠢᠨ | ᠵᠠᠰᠠᠭ ᠤᠨ ᠣᠷᠳᠣᠨ ᠤ 2024 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠰᠠᠶᠢᠳ ᠯᠢ ᠴᠢᠶᠠᠩ ᠨᠢᠩᠰᠢᠶᠠ᠂ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ | ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ︾ ᠪᠣᠯᠤᠨ | ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠢ ᠵᠠᠰᠠᠭ ᠤᠨ ᠣᠷᠳᠣᠨ ᠤ ᠠᠵᠢᠯ ᠤᠨ ᠪᠦᠬᠦ | ᠶᠠᠪᠤᠴᠠ ᠳᠤ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠨᠠᠷᠢᠨ ᠨᠢᠮᠪᠠᠢ | ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠮᠠᠨ ᠤ ᠤᠯᠤᠰ ᠤᠨ | ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠪᠠᠷ ᠦᠨᠳᠦᠰᠦᠨ ᠬᠠᠷᠠᠯᠳᠠ ᠪᠤᠯᠭᠠᠵᠤ᠂ ︽ᠭᠤᠷᠪᠠᠨ | ᠤᠮᠠᠷᠠᠳᠤ︾ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠤᠳᠤ ᠦᠶ᠎ᠠ ᠶᠢᠨ | ᠡᠨᠧᠷᠬᠢ ᠶᠢᠨ ᠠᠵᠤ ᠠᠬᠤᠢ ᠶᠢ ᠶᠡᠭᠡ ᠪᠠᠷ ᠬᠦᠭᠵᠢᠭᠦᠯᠵᠤ᠂ ᠦᠪᠡᠷᠳᠡᠭᠡᠨ ᠵᠠᠰᠠᠬᠤ ᠤᠷᠤᠨ ᠤ ᠰᠢᠨ᠎ᠠ ᠵᠠᠮ ᠢᠶᠠᠷ ᠵᠠᠮᠨᠠᠬᠤ᠂ ᠲᠤᠮᠳᠠᠳᠤ ᠤᠷᠤᠰᠬᠠᠯ ᠢ ᠠᠶᠠᠯᠠᠬᠤ ᠳᠤ | ᠨᠡᠩ ᠤᠯᠠᠨ ᠬᠦᠴᠤᠨ ᠴᠢᠳᠠᠯ ᠢᠶᠠᠨ ᠡᠷᠬᠦᠬᠦ ᠭᠡᠷᠡᠭᠳᠠᠢ ᠭᠡᠵᠤ ᠴᠢᠬᠤᠯᠠᠴᠢᠯᠠᠪᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠰᠡᠷᠭᠦᠭᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠬᠠᠲᠤᠨ ᠭᠤᠤᠯ ᠤᠨ ᠠᠮᠤᠷ | ᠲᠦᠪᠰᠢᠨ ᠢ ᠪᠠᠲᠤᠯᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ | ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ᠃ | ᠬᠤᠷᠠᠯ ᠠᠴᠠ ᠪᠦᠬᠦ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠠᠤᠯᠢᠵᠢᠯ ᠤᠨ ᠰᠡᠳᠬᠢᠬᠦᠢ ᠪᠣᠯᠣᠨ ᠬᠠᠤᠯᠢᠵᠢᠯ ᠤᠨ ᠠᠷᠭ᠎ᠠ ᠬᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ᠂ ᠵᠥᠷᠢᠴᠡᠯ ᠢ ᠰᠢᠢᠳᠪᠦᠷᠢᠯᠡᠬᠦ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ ᠠᠪᠴᠤ︾᠂ ᠬᠥᠳᠡᠯᠮᠦᠷᠢ ᠶᠢᠨ ᠨᠡᠶᠢᠭᠡᠮ ᠤᠨ ᠪᠠᠲᠤᠯᠠᠭ᠎ᠠ᠂ ᠭᠡᠷ ᠪᠠᠶᠢᠰᠢᠩ | ᠭᠠᠵᠠᠷ ᠬᠥᠷᠥᠩᠭᠡ ᠵᠡᠷᠭᠡ ᠬᠦᠷᠢᠶᠡᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠤᠯᠠᠨ ᠲᠦᠮᠡᠨ ᠢ ︽ | ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠬᠤ᠂ ᠤᠴᠢᠷ ᠶᠠᠪᠤᠳᠠᠯ ᠢ ᠰᠢᠢᠳᠪᠦᠷᠢᠯᠡᠬᠦ︾ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠬᠤᠲᠠ ᠶᠢᠨ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠲᠠᠷᠢᠶᠠᠨ ᠭᠠᠵᠠᠷ︾᠂ ︽ᠦᠢᠯᠡᠳᠪᠦᠷᠢ ᠶᠢᠨ ᠲᠠᠰᠤᠭ︾ ᠠᠴᠠ ︽ᠢᠳᠡᠭᠡᠨ ᠤᠮᠳᠠᠭᠠᠨ︾ | ᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ | ᠬᠠᠮᠠᠭᠠᠯᠠᠬᠤ᠂ ᠬᠠᠮᠢᠶᠠᠷᠬᠤ᠂ ᠦᠢᠯᠡᠴᠢᠯᠡᠬᠦ ᠵᠡᠷᠭᠡ ᠣᠯᠠᠨ ᠲᠠᠯ᠎ᠠ ᠠᠴᠠ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠨᠠᠩ ᠣᠯᠠᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠠᠮᠢ ᠠᠬᠤᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠠᠵᠢᠯ ᠤᠨ ᠵᠣᠬᠢᠴᠠᠭᠤᠯᠬᠤ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠡᠷᠭᠡ ᠶᠠᠪᠤᠳᠠᠯ ᠢ ᠰᠤᠳᠤᠯᠵᠠᠢ᠃ | |