ᠫᠧᠩ ᠢᠦᠢ ᠲᠠᠩ
ᠨᠡᠶᠢᠲᠡᠯᠡᠭᠰᠡᠨ ᠴᠠᠭ᠄
2024/11/13
     ᠬᠤᠪᠢᠳᠠᠨ ᠬᠠᠮᠢᠶᠠᠷᠴᠤ ᠪᠠᠶᠢᠭ᠎ᠠ ᠠᠵᠢᠯ      ᠬᠤᠳᠠ ᠶᠢᠨ ᠳᠠᠷᠤᠭ᠎ᠠ ᠶᠢ ᠬᠠᠪᠰᠤᠷᠤᠨ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠪᠠᠶᠠᠨᠨᠠᠭᠤᠷ ᠬᠤᠳᠠ ᠶᠢᠨ ᠬᠥᠭᠵᠢᠯᠲᠡ ᠶᠢᠨ ᠪᠡᠯᠡ ᠣᠷᠣᠭᠤᠯᠤᠯᠲᠠ ︵ᠪᠦᠯᠦᠭᠯᠡᠯ︶  ᠎ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠳᠤᠮᠳᠠᠳᠤ ᠤᠯᠤᠰ ᠤᠨ ᠴᠢᠯᠠᠭᠤᠨ ᠲᠣᠰᠣᠨ ᠤ ᠪᠠᠶᠠᠨᠨᠠᠭᠤᠷ ᠤᠨ ᠪᠣᠷᠤᠯᠠᠭᠤᠯᠭ᠎ᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠠᠶᠠᠨᠨᠠᠭᠤᠷ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠬᠤᠶᠠᠳᠤᠭᠠᠷ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠥᠩᠭᠡᠲᠦ ᠲᠡᠮᠦᠷᠯᠢᠭ ᠤᠨ ᠭᠠᠵᠠᠷ ᠰᠢᠨᠵᠢᠯᠡᠭᠡ ᠠᠭᠤᠷᠬᠠᠢ ᠶᠢᠨ ᠦᠢᠯᠡᠰ ︵ᠪᠦᠯᠦᠭᠯᠡᠯ︶᠎ ᠤᠨ  ᠡᠦ ᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠲᠣᠪᠴᠢ  ᠨᠠᠮᠲᠠᠷ      ᠫᠧᠩ ᠢᠦᠢ ᠲᠠᠩ᠂ ᠡᠷᠡᠭᠲᠡᠢ᠂ ᠬᠢᠲᠠᠳ ᠦᠨᠳᠦᠰᠦᠲᠡᠨ᠂ 1970 ᠣᠨ ᠤ 8 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠲᠠ ᠶᠢᠨ ᠳᠠᠷᠤᠭ᠎ᠠ ᠶᠢᠨ ᠲᠤᠰᠢᠶᠠᠯ ᠲᠠᠢ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ