ᠤᠷᠠᠳ ᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠠᠷᠢᠶᠠᠴᠢᠨ ᠡᠷᠦᠬᠡ ᠳᠤ ᠡᠷᠳᠡᠨᠢ ᠰᠢᠰᠢ ᠪᠤᠷᠴᠠᠭ ᠲᠥᠮᠥᠰᠥ ᠶᠢᠨ ᠨᠥᠬᠦᠪᠥᠷᠢ ᠶᠢ 4174 ᠲᠦᠮᠡᠨ ᠲᠥᠭᠦᠷᠢᠭ ᠲᠠᠷᠬᠠᠭᠠᠵᠣ᠂ 12352 ᠡᠷᠦᠬᠡ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/11/13
      ᠲᠠᠷᠢᠶᠠᠴᠢᠳ ᠤᠨ ᠡᠷᠳᠡᠨᠢ ᠰᠢᠰᠢ᠂ ᠪᠤᠷᠴᠠᠭ᠂ ᠲᠥᠮᠥᠰᠥ ᠳᠠᠷᠢᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽2024 ᠣᠨ ᠤ ᠤᠷᠠᠳ ᠤᠨ ᠳᠤᠮᠳᠠᠳᠤ ᠬᠤᠰᠢᠭᠤᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠲᠠᠷᠢᠬᠤ ᠨᠥᠬᠦᠪᠥᠷᠢ ᠥᠭᠬᠦ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠲᠠᠷᠢᠶᠠᠴᠢᠨ ᠡᠷᠦᠬᠡ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ᠂ ᠭᠠᠴᠠᠭ᠎ᠠ ᠲᠣᠰᠬᠤᠨ ᠬᠢᠨᠠᠨ ᠬᠠᠷᠭᠤᠭᠤᠯᠬᠤ᠂ ᠢᠯᠡ ᠨᠡᠶᠢᠲᠡᠯᠡᠬᠦ ᠪᠠᠷ ᠳᠡᠮᠵᠢᠨ᠂ ᠰᠤᠮᠤ ᠪᠠᠯᠭᠠᠰᠤ ᠵᠢᠴᠢ ᠬᠤᠰᠢᠭᠤᠨ ᠤ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠢᠨᠠᠨ ᠪᠠᠶᠢᠴᠠᠭᠠᠵᠤ᠂ ᠣᠷᠠᠳ ᠤᠨ ᠳᠣᠮᠳᠠᠳᠣ ᠬᠤᠰᠢᠭᠤᠨ ᠤ 2024 ᠣᠨ ᠤ ᠡᠷᠳᠡᠨᠢ ᠰᠢᠰᠢ ᠪᠤᠷᠴᠠᠭ ᠪᠠ ᠲᠥᠮᠥᠰᠥ ᠲᠠᠷᠢᠬᠤ ᠨᠥᠬᠦᠪᠥᠷᠢ ᠥᠭᠬᠦ ᠲᠠᠯᠠᠪᠠᠢ 94.49 ᠲᠦᠮᠡᠨ ᠮᠥ ᠶᠢ ᠬᠢᠨᠠᠨ ᠲᠣᠭᠲᠠᠭᠠᠪᠠ᠃       ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠪᠦᠷᠢᠨ ᠴᠢᠳᠠᠪᠬᠢᠲᠦ ᠺᠠᠷᠲ︾ ᠤᠨ ᠰᠢᠰᠲ᠋ᠧᠮ ᠢᠶᠠᠷ ᠳᠠᠮᠵᠢᠭᠤᠯᠤᠨ 4174 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ᠃ ᠡᠭᠦᠨ ᠳᠤ᠂ ᠡᠷᠳᠡᠨᠢ ᠰᠢᠰᠢ ᠲᠠᠷᠢᠬᠤ  ᠨᠥᠬᠦᠪᠥᠷᠢ ᠶᠢ 2515 ᠲᠦᠮᠡᠨ ᠲᠥᠭᠦᠷᠢᠭ᠂ ᠪᠤᠷᠴᠠᠭ ᠤᠨ ᠲᠠᠷᠢᠬᠤ ᠨᠦᠬᠦᠪᠦᠷᠢ ᠶᠢ 1651 ᠲᠦᠮᠡᠨ ᠲᠥᠭᠦᠷᠢᠭ᠂ ᠲᠥᠮᠥᠰᠥ ᠲᠠᠷᠢᠬᠤ ᠨᠦᠬᠦᠪᠦᠷᠢ ᠶᠢ 8 ᠲᠦᠮᠡᠨ ᠲᠥᠭᠦᠷᠢᠭ ᠲᠠᠷᠬᠠᠭᠠᠵᠣ᠂ ᠨᠡᠶᠢᠲᠡ 12352 ᠲᠠᠷᠢᠶᠠᠴᠢᠨ ᠳᠤ ᠬᠤᠯᠪᠣᠭᠳᠠᠪᠠ᠃       ᠲᠠᠷᠠᠭᠠᠴᠢ ᠶᠢᠨ ᠠᠯᠬᠤᠮ ᠳᠤ᠂ ᠤᠷᠠᠳ ᠤᠨ ᠳᠤᠮᠳᠠᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠶᠢ ᠴᠠᠭ ᠲᠤᠬᠠᠶ ᠳᠤᠨᠢ᠂ ᠠᠮᠤᠷ ᠲᠦᠪᠰᠢᠨ᠂ ᠭᠦᠢᠴᠡᠳ ᠲᠤᠭ᠎ᠠ ᠪᠠᠷ ᠲᠠᠷᠬᠠᠭᠠᠬᠤ ᠶᠢ ᠪᠠᠲᠤᠯᠠᠵᠤ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠪᠣᠢ᠃  
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ