ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠠᠪᠤᠷᠠᠨ ᠲᠤᠰᠠᠯᠠᠬᠤ ᠪᠣᠯ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠡᠷᠬᠡ ᠠᠰᠢᠭ ᠢ ᠬᠠᠮᠠᠭᠠᠯᠠᠬᠤ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠴᠢᠬᠤᠯᠠ ᠨᠡᠶᠢᠭᠡᠮ ᠤᠨ ᠠᠪᠤᠷᠠᠨ ᠲᠤᠰᠠᠯᠠᠬᠤ | ᠲᠥᠷᠥ ᠶᠢᠨ ᠪᠣᠳᠣᠯᠭ᠎ᠠ ᠪᠣᠯᠣᠨ᠎ᠠ᠃ 2024 ᠣᠨ ᠤ 10 ᠰᠠᠷ᠎ᠠ ᠪᠣᠯᠲᠠᠯ᠎ᠠ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ | ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠠᠰ ᠤᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠲᠡ 4100.38 | ᠲᠦᠮᠡᠨ ᠲᠥᠭᠦᠷᠢᠭ ᠲᠡᠮᠡᠴᠡᠨ ᠣᠯᠵᠤ᠂ ᠬᠠᠮᠢᠶ᠎ᠠ ᠪᠥᠬᠦᠶ ᠲᠣᠭᠲᠠᠭᠠᠯ ᠵᠢᠴᠢ ᠪᠠᠷᠢᠮᠵᠢᠶ᠎ᠠ ᠶᠣᠰᠣᠭᠠᠷ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ | ᠨᠥᠬᠦᠪᠥᠷᠢ ᠶᠢᠨ ᠪᠠᠯᠠ ᠮᠥᠩᠭᠦ ᠶᠢ ᠬᠡᠷᠡᠭᠯᠡᠬᠦ ᠶᠢ ᠨᠢᠭᠡᠨᠲᠡ ᠪᠡᠶᠡᠯᠡᠭᠦᠯᠵᠦ᠂ ᠲᠥᠷᠥᠯ ᠵᠦᠢᠯ ᠤᠨ ᠪᠣᠳᠠᠳᠣ ᠪᠦᠲᠦᠮᠵᠢ ᠶᠢ ᠴᠥᠮ ᠪᠠᠷᠢᠮᠵᠢᠶ᠎ᠠ ᠳᠤ ᠬᠦᠷᠭᠡᠪᠡ᠃ | ᠲᠥᠷᠥᠯ ᠵᠦᠢᠯ ᠤᠨ ᠬᠡᠷᠡᠭᠵᠢᠭᠦᠯᠦᠯᠲᠡ ᠨᠢ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠬᠠᠮᠢᠶᠠᠷᠤᠯᠲᠠ ᠶᠢ ᠬᠡᠷᠡᠭᠵᠢᠭᠦᠯᠵᠣ᠂ ᠨᠥᠬᠦᠪᠥᠷᠢ ᠶᠢᠨ ᠪᠡᠯᠡ ᠮᠥᠩᠭᠦ ᠶᠢ | ᠨᠡᠶᠢᠭᠡᠮᠴᠢᠯᠡᠨ ᠣᠯᠭᠤᠬᠤ᠂ ᠢᠯᠡ ᠨᠡᠶᠢᠲᠡᠯᠡᠬᠦ᠂ ᠴᠠᠭ ᠲᠤᠬᠠᠶ ᠳᠤᠨᠢ ᠥᠨᠳᠥᠷ ᠪᠦᠲᠦᠮᠵᠢᠲᠡᠶ᠂ ᠴᠢᠩᠭ᠎ᠠ ᠬᠢᠨᠠᠯᠲᠠ ᠲᠠᠯᠪᠢᠬᠤ ᠵᠠᠷᠴᠢᠮ ᠶᠣᠰᠣᠭᠠᠷ᠂ ᠨᠥᠬᠦᠪᠥᠷᠢ | ᠣᠯᠭᠤᠬᠤ ᠡᠲᠡᠭᠡᠳ ᠲᠤ ᠡᠳ᠋ᠯᠡᠪᠡᠰᠦ ᠵᠣᠬᠢᠬᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠷᠲᠡᠭᠡᠬᠦ ᠶᠢ ᠦᠨᠡᠨᠬᠦ ᠪᠠᠲᠤᠯᠠᠪᠠ᠃ ︽ᠪᠠᠲᠤᠯᠠᠬᠤ | ᠶᠣᠰᠣᠲᠠᠶ ᠶᠢ ᠨᠢ ᠪᠦᠬᠦᠨ ᠢ ᠪᠠᠲᠤᠯᠠᠵᠤ᠂ ᠪᠤᠴᠠᠭᠠᠬᠤ ᠶᠣᠰᠣᠲᠠᠶ ᠶᠢ ᠨᠢ ᠪᠦᠬᠦᠨ ᠢ ᠪᠤᠴᠠᠭᠠᠬᠤ︾ ᠶᠢ ᠢᠮᠠᠭᠲᠠ ᠪᠠᠷᠢᠮᠲᠠᠯᠠᠵᠤ᠂ ᠲᠠᠰ ᠳᠠᠷᠠᠭᠠᠯᠠᠯ ᠢ ᠲᠠᠰᠤᠷᠠᠯᠲᠠ | ᠥᠬᠡᠶ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠠᠪᠤᠷᠠᠨ ᠲᠤᠰᠠᠯᠠᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠵᠤ᠂ ᠬᠦᠴᠢᠷᠳᠡᠯᠲᠡᠶ ᠣᠯᠠᠨ | ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠪᠠ᠃ | | | |