︽ᠳᠤᠮᠳᠠᠳᠤ ᠤᠯᠤᠰ · ᠳᠠᠩ  —  ᠨᠢᠭᠡᠨ ᠣᠯᠠᠨ ᠡᠰᠢᠲᠦ ᠨᠡᠭᠡᠭᠡᠯᠲᠡᠲᠤ ᠲᠥᠷᠥ ᠭᠦᠷᠦᠨ ︵7 - 10 ᠳ᠋ᠤᠭᠠᠷ ᠵᠠᠭᠤᠨ︶︾ ᠦᠵᠡᠰᠭᠦᠯᠡᠩ ᠡᠬᠢᠯᠡᠪᠡ
ᠨᠡᠶᠢᠲᠡᠯᠡᠭᠰᠡᠨ ᠴᠠᠭ᠄
2024/11/21
      ᠲᠡᠷᠢᠭᠦᠯᠡᠭᠴᠢ ᠰᠢ ᠶᠢᠨ ᠫᠢᠩ ᠪᠣᠯᠣᠨ ᠶᠡᠷᠦᠩᠬᠡᠶᠢᠯᠡᠭᠴᠢ ᠮᠠᠶᠢᠺᠷᠤᠨ ᠣᠷᠣᠰᠢᠯ ᠪᠢᠴᠢᠵᠦ ᠥᠭᠴᠡᠢ      ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 19᠎ ᠤ ᠴᠠᠭᠢᠯᠭᠠᠨ ᠮᠡᠳᠡᠭᠡ ︽ᠳᠤᠮᠳᠠᠳᠤ ᠤᠯᠤᠰ · ᠳᠠᠩ - ᠨᠢᠭᠡᠨ ᠣᠯᠠᠨ ᠡᠰᠢᠲᠦ ᠨᠡᠭᠡᠭᠡᠯᠲᠡᠲᠤ ᠲᠥᠷᠥ ᠭᠦᠷᠦᠨ ︵7 - 10 ᠳ᠋ᠤᠭᠠᠷ ᠵᠠᠭᠤᠨ︶︾ 11 ᠰᠠᠷ᠎ᠠ ᠶᠢᠨ 18᠎ ᠤ ᠡᠳᠦᠷ ᠹᠷᠠᠨᠼᠢ ᠶᠢᠨ ᠵᠢᠮᠸᠢ ᠤᠯᠤᠰ ᠠᠴᠠ ᠪᠠᠶᠢᠭᠤᠯᠤᠭᠰᠠᠨ ᠠᠽᠢᠶ᠎ᠠ ᠲᠢᠪ ᠤᠨ ᠤᠷᠠᠯᠢᠭ ᠤᠨ ᠮᠦᠽᠧᠢ ᠳᠤ ᠡᠬᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠣᠰ ᠲᠣᠰ ᠦᠵᠡᠰᠭᠦᠯᠡᠩ ᠳᠤ ᠣᠷᠣᠰᠢᠯ ᠪᠢᠴᠢᠵᠦ ᠥᠭᠴᠡᠢ᠃      ᠰᠢ ᠶᠢᠨ ᠫᠢᠩ᠂ ᠡᠨᠡ ᠵᠢᠯ ᠪᠣᠯ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠣᠨ᠎ᠠ᠃ 5 ᠰᠠᠷ᠎ᠠ ᠳᠤ ᠪᠢ ᠹᠷᠠᠨᠼᠢ ᠳᠤ ᠠᠶᠢᠯᠴᠢᠯᠠᠯᠲᠠ ᠬᠢᠬᠦ ᠬᠤᠭᠤᠴᠠᠭᠠᠨ ᠳᠤ ᠳᠤᠮᠳᠠᠳᠤ ᠹᠷᠠᠨᠼᠢ ᠬᠤᠶᠠᠷ ᠲᠠᠯ᠎ᠠ ᠪᠠᠷ ᠢᠶᠠᠨ ᠹᠷᠠᠨᠼᠢ ᠶᠢᠨ ᠵᠢᠮᠸᠢ ᠤᠯᠤᠰ ᠠᠴᠠ ᠪᠠᠶᠢᠭᠤᠯᠤᠭᠰᠠᠨ ᠠᠽᠢᠶ᠎ᠠ ᠲᠢᠪ ᠤᠨ ᠤᠷᠠᠯᠢᠭ ᠤᠨ ᠮᠦᠽᠧᠢ ᠳᠤ ᠲᠠᠩ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠭᠦᠯᠡᠩ ᠢ ᠡᠷᠭᠢᠯᠡᠭᠦ ᠵᠥᠪᠯᠡᠯᠴᠡᠭᠡᠷ ᠲᠣᠬᠢᠷᠠᠯᠴᠠᠪᠠ᠃ ᠬᠤᠶᠠᠷ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠰᠬᠠᠢ ᠮᠡᠷᠭᠡᠵᠢᠯᠲᠡᠨ ᠤ ᠬᠠᠮᠲᠤ ᠶᠢᠨ ᠴᠢᠷᠮᠠᠶᠢᠯᠭ᠎ᠠ ᠪᠠᠷ ︽ᠳᠤᠮᠳᠠᠳᠤ ᠤᠯᠤᠰ · ᠳᠠᠩ - ᠨᠢᠭᠡᠨ ᠣᠯᠠᠨ ᠡᠰᠢᠲᠦ ᠨᠡᠭᠡᠭᠡᠯᠲᠡᠲᠤ ᠲᠥᠷᠥ ᠭᠦᠷᠦᠨ ︵7 —10 ᠳ᠋ᠤᠭᠠᠷ ᠵᠠᠭᠤᠨ︶︾ ᠦᠵᠡᠰᠭᠦᠯᠡᠩ ᠲᠣᠭᠲᠠᠭᠰᠠᠨ ᠬᠤᠭᠤᠴᠠᠭᠠᠨ ᠳᠠᠭᠠᠨ ᠡᠬᠢᠯᠡᠭᠰᠡᠨ ᠢ ᠪᠢ ᠪᠠᠶᠠᠷ ᠲᠠᠢ ᠣᠯᠵᠤ ᠬᠠᠷᠠᠯ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠲᠠᠩ ᠤᠯᠤᠰ ᠪᠣᠯ ᠳᠤᠮᠳᠠᠳᠤ ᠤᠯᠤᠰ ᠤᠨ ᠲᠡᠦᠬᠡᠨ ᠳᠡᠭᠡᠷᠡᠬᠢ ᠬᠠᠮᠤᠭ ᠤᠨ ᠬᠥᠭᠵᠢᠨ ᠮᠠᠨᠳᠤᠭᠰᠠᠨ ᠨᠢᠭᠡᠨ ᠲᠦᠷᠦ ᠭᠦᠷᠦᠨ ᠪᠣᠯᠣᠨ᠎ᠠ᠃ ᠠᠵᠤ ᠠᠬᠤᠢ ᠬᠥᠭᠵᠢᠵᠦ᠂ ᠰᠣᠶᠣᠯ ᠴᠡᠴᠡᠭᠯᠡᠨ᠂ ᠦᠵᠡᠯ ᠰᠠᠨᠠᠭ᠎ᠠ ᠠᠭᠤᠳᠠᠮᠴᠢ ᠪᠠᠭᠲᠠᠭᠠᠮᠵᠢᠲᠠᠢ᠂ ᠤᠳᠬ᠎ᠠ ᠤᠷᠠᠯᠢᠭ ᠥᠷᠨᠢᠭᠦᠨ ᠪᠠᠳᠠᠷᠠᠵᠤ᠂ ᠦᠨᠳᠦᠰᠦᠲᠡᠨ ᠨᠦᠭᠦᠳ ᠠᠭᠤᠰᠤᠯᠴᠠᠭᠰᠠᠨ ᠪᠠᠶᠢᠳᠠᠭ᠃ ᠲᠠᠩ ᠤᠯᠤᠰ ᠤᠨ ᠰᠣᠶᠣᠯ ᠠᠽᠢᠶ᠎ᠠ ᠲᠢᠪ ᠢ ᠨᠥᠯᠥᠭᠡᠯᠡᠭᠰᠡᠨ ᠪᠥᠭᠡᠳ ᠲᠣᠷᠭᠠᠨ ᠵᠠᠮ ᠢᠶᠠᠷ ᠲᠡᠮᠵᠢᠨ ᠡᠸᠦ᠋ᠷᠦᠫᠡ ᠲᠢᠪ ᠲᠤ ᠳᠡᠯᠭᠡᠷᠡᠵᠡᠢ᠃ ᠲᠠᠩ ᠤᠯᠤᠰ ᠤᠨ ᠰᠢᠯᠦᠭ᠂ ᠵᠢᠷᠤᠭ᠂ ᠠᠯᠲᠠ ᠮᠥᠩᠭᠦᠨ ᠡᠳ᠋ᠯᠡᠯ ᠵᠡᠷᠭᠡ ᠤᠷᠠᠯᠢᠭ ᠤᠨ ᠦᠷ᠎ᠡ ᠪᠦᠲᠦᠭᠡᠯ ᠨᠢ ᠡᠳᠦᠭᠡ ᠪᠤᠯᠲᠠᠯ᠎ᠠ ᠬᠥᠮᠥᠰ ᠲᠤ ᠱᠠᠭᠰᠢᠭᠳᠠᠨ ᠮᠠᠭᠲᠠᠭᠳᠠᠭᠰᠠᠭᠠᠷ ᠪᠠᠶᠢᠨ᠎ᠠ᠃ ᠲᠤᠰ ᠤᠳᠠᠭ᠎ᠠ ᠶᠢᠨ ᠦᠵᠡᠰᠭᠦᠯᠡᠩ ᠨᠢ ᠹᠷᠠᠨᠼᠢ ᠪᠣᠯᠣᠨ ᠡᠸᠦ᠋ᠷᠦᠫᠡ ᠲᠢᠪ ᠤᠨ ᠦᠵᠡᠭᠴᠢᠳ ᠲᠤ ᠭᠡᠷᠡᠯ ᠰᠠᠴᠤᠷᠠᠩᠭᠤᠢ᠂ ᠢᠲᠡᠭᠡᠯ ᠲᠡᠭᠦᠯᠳᠡᠷ ᠨᠡᠭᠡᠭᠡᠯᠲᠡᠲᠡᠢ ᠪᠠᠳᠠᠷᠠᠯᠲᠤ ᠭᠦᠷᠦᠨ ᠲᠠᠩ ᠤᠯᠤᠰ ᠤᠨ ᠪᠠᠶᠢᠳᠠᠯ ᠢ ᠨᠡᠩ ᠳᠦᠷᠰᠦᠯᠢᠭ ᠢᠶᠠᠷ ᠣᠶᠢᠯᠠᠭᠠᠭᠤᠯᠵᠤ᠂ ᠳᠤᠮᠳᠠᠳᠤ ᠶᠢᠨ ᠪᠣᠯᠪᠠᠰᠤᠨ ᠤ ᠥᠪᠡᠷᠮᠢᠴᠡ ᠷᠢᠳᠢ ᠰᠢᠳᠢ ᠶᠢ ᠮᠡᠳᠡᠷᠡᠭᠦᠯᠬᠦ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯᠣᠨ ᠹᠷᠠᠨᠼᠢ ᠦᠨᠳᠦᠰᠦᠲᠡᠨ ᠴᠥᠮ ᠥᠨᠢ ᠤᠳᠠᠭᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ ᠲᠠᠢ ᠶᠤᠮ᠃ ᠬᠤᠶᠠᠷ ᠤᠯᠤᠰ ᠤᠨ ᠠᠷᠠᠳ ᠲᠦᠮᠡᠨ ᠶᠡᠷᠦ ᠠᠴᠠ ᠬᠠᠷᠢᠯᠴᠠᠨ ᠪᠠᠭ᠋ᠠᠷᠬᠠᠵᠤ᠂ ᠬᠠᠷᠢᠯᠴᠠᠨ ᠲᠠᠲᠠᠯᠳᠤᠵᠤ᠂ ᠥᠨᠢ ᠤᠳᠠᠭᠠᠨ ᠨᠥᠭᠦᠷᠰᠡᠭ ᠶᠠᠪᠤᠯᠴᠠᠭ᠎ᠠ ᠲᠠᠢ ᠶᠤᠮ᠃ ᠪᠢᠳᠡ ᠲᠡᠦᠬᠡ ᠰᠣᠶᠣᠯ ᠤᠨ ᠳᠤᠮᠳᠠ ᠠᠴᠠ ᠰᠡᠩᠬᠡᠷᠡᠭᠦᠯᠦᠯ ᠣᠯᠵᠤ᠂ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠪᠠ ᠬᠠᠷᠢᠯᠴᠠᠨ ᠲᠣᠯᠢ ᠪᠤᠯᠭᠠᠬᠤ ᠪᠣᠯᠣᠨ ᠰᠣᠶᠣᠯ ᠤᠨ ᠥᠪ ᠤᠨ ᠬᠠᠮᠠᠭᠠᠯᠠᠯᠲᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠭᠤᠸ᠎ᠠ ᠰᠠᠶᠢᠬᠠᠨ ᠢ ᠪᠠᠭ᠋ᠠᠷᠬᠠᠵᠤ᠂ ᠭᠤᠸ᠎ᠠ ᠰᠠᠶᠢᠬᠠᠨ ᠢ ᠬᠠᠮᠲᠤ ᠪᠠᠷ ᠡᠳ᠋ᠯᠡᠵᠦ᠂ ᠲᠡᠦᠬᠡ ᠶᠢᠨ ᠬᠠᠶᠢᠷ᠎ᠠ ᠰᠡᠳᠬᠢᠯᠭᠡ ᠪᠣᠯᠣᠨ ᠴᠠᠭ ᠦᠶ᠎ᠡ ᠶᠢᠨ ᠵᠣᠷᠢᠭ ᠰᠠᠨᠠᠭ᠎ᠠ ᠶᠢ ᠳᠤᠮᠳᠠᠳᠤ ᠹᠷᠠᠨᠼᠢ ᠶᠢᠨ ᠨᠥᠬᠦᠷᠯᠡᠯ ᠳᠤ ᠠᠭᠤᠰᠬᠠᠵᠤ᠂ ᠳᠤᠮᠳᠠᠳᠤ ᠹᠷᠠᠨᠼᠢ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠨᠡᠩ ᠪᠠᠲᠤ ᠪᠠᠬᠢ ᠪᠥᠭᠡᠳ ᠠᠮᠢᠵᠢᠷᠠᠯ ᠤᠨ ᠬᠦᠴᠦᠨ ᠲᠠᠢ ᠪᠣᠯᠭᠠᠶ᠎ᠠ ᠭᠡᠵᠦ ᠵᠢᠭᠠᠵᠤ ᠭᠠᠷᠭᠠᠵᠠᠢ᠃      ᠶᠡᠷᠦᠩᠬᠡᠶᠢᠯᠡᠭᠴᠢ ᠮᠠᠶᠢᠺᠷᠤᠨ᠂ ᠹᠷᠠᠨᠼᠢ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠪᠣᠯᠣᠨ ᠰᠣᠶᠣᠯ ᠵᠢᠭᠤᠯᠴᠢᠯᠠᠯ ᠤᠨ ᠣᠨ ᠢ ᠪᠡᠯᠭᠡᠯᠡᠬᠦ ᠶᠢᠨ ᠲᠥᠯᠥᠭᠡ ᠵᠶ᠋ᠮᠧᠢ ᠮᠦᠽᠧᠢ ᠲᠠᠩ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠭᠦᠯᠡᠩ ᠢ ᠦᠪᠡᠳᠡᠭᠰᠢ ᠶᠡᠭᠡ ᠪᠠᠷ ᠡᠷᠭᠢᠯᠡᠭᠦ ᠪᠠᠷ ᠪᠠᠶᠢᠨ᠎ᠠ᠃ ᠲᠠᠩ ᠤᠯᠤᠰ ᠤᠨ ᠦᠶ᠎ᠡ ᠳᠤ ᠳᠤᠮᠳᠠᠳᠤ ᠤᠯᠤᠰ ᠤᠨ ᠪᠣᠯᠪᠠᠰᠤᠨ ᠤ ᠲᠡᠦᠬᠡᠨ ᠳᠡᠭᠡᠷᠡᠬᠢ ᠪᠠᠶᠢᠷᠢ ᠰᠠᠭᠤᠷᠢ ᠨᠢ ᠲᠦᠢᠯ ᠤᠨ ᠣᠨᠴᠠᠭᠠᠶ ᠪᠠᠶᠢᠵᠤ᠂ ᠭᠡᠷᠡᠯ ᠰᠠᠴᠤᠷᠠᠩᠭᠤᠢ ᠰᠣᠶᠣᠯ ᠪᠠ ᠢᠲᠡᠭᠡᠵᠦ ᠶᠠᠳᠠᠮ᠎ᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠲᠠᠢ ᠪᠠᠶᠢᠭᠰᠠᠨ ᠪᠥᠭᠡᠳ ᠲᠣᠷᠭᠠᠨ ᠵᠠᠮ ᠢᠶᠠᠷ ᠳᠠᠮᠵᠢᠨ ᠭᠠᠳᠠᠭᠠᠳᠤ ᠰᠣᠯᠢᠯᠴᠠᠭ᠎ᠠ ᠶᠢ ᠢᠳᠡᠪᠬᠢᠲᠡᠢ ᠥᠷᠨᠢᠭᠦᠯᠵᠦ᠂ ᠭᠤᠶᠢᠳᠠ ᠰᠠᠶᠢᠬᠠᠨ ᠤᠷᠠᠯᠢᠭ ᠤᠨ ᠥᠪ ᠬᠥᠷᠥᠩᠭᠡ ᠶᠢ ᠡᠭᠦᠳᠦᠨ ᠪᠦᠲᠦᠭᠡᠭᠰᠡᠨ ᠶᠤᠮ᠃ ᠡᠨᠡ ᠬᠦ ᠲᠡᠦᠬᠡᠲᠦ ᠠᠴᠢ ᠬᠤᠯᠪᠣᠭᠳᠠᠯ ᠲᠠᠢ ᠦᠵᠡᠰᠭᠦᠯᠡᠩ ᠨᠢ ᠹᠷᠠᠨᠼᠢ ᠳᠤᠮᠳᠠᠳᠤ ᠶᠢᠨ ᠰᠣᠶᠣᠯ ᠤᠨ ᠰᠣᠯᠢᠯᠴᠠᠭ᠎ᠠ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠳᠤ ᠦᠷᠭᠦᠯᠵᠢᠯᠡᠨ ᠴᠢᠬᠤᠯᠠ ᠦᠢᠯᠡᠳᠦᠯ ᠦᠵᠡᠭᠦᠯᠦᠨ᠎ᠡ ᠭᠡᠳᠡᠭ ᠢ ᠳᠠᠬᠢᠨᠲᠠ ᠲᠣᠳᠣᠷᠬᠠᠢ ᠬᠠᠷᠠᠭᠤᠯᠤᠭᠰᠠᠨ ᠪᠠᠶᠢᠨ᠎ᠠ ᠭᠡᠵᠦ ᠢᠯᠡᠷᠬᠡᠶᠢᠯᠡᠪᠡ᠃      ᠲᠤᠰ ᠤᠳᠠᠭ᠎ᠠ ᠶᠢᠨ ᠦᠵᠡᠰᠭᠦᠯᠡᠩ ᠢ ᠳᠤᠮᠳᠠᠳᠤ ᠤᠯᠤᠰ ᠤᠨ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠪᠣᠯᠣᠨ ᠹᠷᠠᠨᠼᠢ ᠶᠢᠨ ᠰᠣᠶᠣᠯ ᠤᠨ ᠶᠠᠮᠤᠨ ᠠᠴᠠ ᠵᠢᠯᠤᠭᠤᠳᠴᠤ᠂ ᠳᠤᠮᠳᠠᠳᠤ ᠤᠯᠤᠰ ᠤᠨ 10 ᠮᠤᠵᠢ ᠣᠷᠣᠨ ᠬᠤᠲᠠ ᠶᠢᠨ 32 ᠰᠣᠶᠣᠯ ᠤᠨ ᠦᠵᠡᠰᠭᠦᠯᠡᠩ ᠤᠨ ᠪᠠᠶᠢᠭᠤᠯᠤᠮᠵᠢ ᠶᠢᠨ 200 ᠭᠠᠷᠤᠢ ᠭᠤᠶᠢᠳᠠ ᠰᠠᠶᠢᠬᠠᠨ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠵᠡᠢ᠃ 
ᠢᠷᠡᠯᠲᠡ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ