ᠮᠠᠨ ᠤ ᠬᠤᠲᠠ 2024 ᠣᠨ ᠤ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠤᠷᠢᠳᠴᠢᠯᠠᠨ ᠳᠠᠪᠠᠭᠤᠯᠤᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/11/21
      ᠣᠲᠣ ᠪᠣᠯᠲᠠᠯ᠎ᠠ᠂ ᠡᠨᠡ ᠵᠢᠯ ᠮᠠᠨ ᠤ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ 390.545 ᠲᠦᠮᠡᠨ ᠮᠥ ᠳᠤ ᠬᠦᠷᠴᠦ᠂ ᠪᠥᠬᠦ ᠵᠢᠯ ᠤᠨ ᠡᠭᠦᠷᠭᠡ ᠶᠢᠨ 300 ᠲᠦᠮᠡᠨ ᠮᠥ ᠳᠤ 130.2 %᠎ ᠲᠤ ᠬᠦᠷᠴᠦ᠂ ᠡᠭᠦᠷᠭᠡ ᠪᠠᠨ ᠤᠷᠢᠳᠴᠢᠯᠠᠨ ᠳᠠᠪᠠᠭᠤᠯᠤᠨ ᠪᠡᠶᠡᠯᠡᠭᠦᠯᠪᠡ᠃      ᠡᠨᠡ ᠵᠢᠯ ᠠᠴᠠ ᠨᠠᠰᠢ᠂ ᠮᠠᠨ ᠤ ᠬᠤᠲᠠ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ᠂ ᠤᠯᠤᠰ ᠤᠨ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠭᠦᠨᠵᠡᠭᠡᠶᠢᠷᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠮᠡᠷᠭᠡᠵᠢᠯ᠂ ᠰᠢᠨ᠎ᠡ ᠲᠣᠭᠲᠠᠴᠠ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠡᠯᠡᠰᠦ ᠶᠢ ᠵᠠᠰᠠᠵᠤ ᠪᠠᠶᠠᠵᠢᠭᠤᠯᠤᠨ ᠬᠠᠮᠲᠤ ᠪᠠᠷ ᠠᠰᠢᠭ ᠭᠥᠷᠳᠡᠬᠦ ᠵᠠᠮ ᠢᠶᠠᠷ ᠰᠠᠶᠢᠲᠤᠷ ᠵᠠᠮᠨᠠᠵᠤ᠂ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠦᠨᠵᠡᠭᠡᠶᠢᠷᠡᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ᠵᠢᠯ ᠤᠨ ᠡᠬᠢᠨ ᠳᠤ᠂ ᠮᠠᠨ ᠤ ᠬᠤᠲᠠ ᠪᠥᠬᠦ ᠵᠢᠯ ᠤᠨ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 300 ᠲᠦᠮᠡᠨ ᠮᠥ ᠲᠣᠭᠲᠠᠭᠠᠵᠤ᠂ ᠣᠳᠣᠬᠠᠨ ᠳᠤ ᠨᠢᠭᠡᠨᠲᠡ 390.545 ᠲᠦᠮᠡᠨ ᠮᠥ ᠶᠢ ᠪᠡᠶᠡᠯᠡᠭᠦᠯᠵᠦ᠂ ᠡᠭᠦᠨ ᠳᠤ ᠡᠯᠡᠰᠦᠷᠬᠡᠭᠵᠢᠯ ᠢ ᠰᠡᠷᠭᠡᠶᠢᠯᠡᠨ ᠵᠠᠰᠠᠭᠰᠠᠨ ᠲᠠᠯᠠᠪᠠᠶ 289.38 ᠲᠦᠮᠡᠨ ᠮᠥ ᠪᠠᠶᠢᠵᠤ᠂ ᠥᠪᠡᠷᠲᠡᠭᠡᠨ ᠵᠠᠰᠠᠬᠤ ᠣᠷᠣᠨ ᠳᠤ 160 ᠲᠦᠮᠡᠨ ᠮᠥ ᠡᠯᠡᠰᠦ ᠶᠢ ᠰᠡᠷᠭᠡᠶᠢᠯᠡᠨ ᠵᠠᠰᠠᠬᠤ ᠡᠭᠦᠷᠭᠡ ᠶᠢ ᠪᠠᠭᠤᠯᠭᠠᠪᠠ᠃ ᠡᠭᠦᠨ ᠤ ᠬᠠᠮᠲᠤ᠂ ᠮᠠᠨ ᠤ ᠬᠤᠲᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠰᠠᠶᠢᠲᠤᠷ ᠠᠳᠬᠤᠬᠤ ᠶᠢ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠣᠳᠠᠲᠠᠶ ᠠᠷᠭ᠎ᠠ ᠬᠡᠮᠵᠢᠶ᠎ᠡ ᠪᠣᠯᠭᠠᠵᠤ᠂ ᠣᠨᠳᠣᠣ ᠭᠠᠵᠠᠷ ᠲᠤ 20.325 ᠲᠦᠮᠡᠨ ᠮᠥ ᠵᠠᠰᠠᠬᠤ ᠡᠭᠦᠷᠭᠡ ᠶᠢ ᠪᠡᠶᠡᠯᠡᠭᠦᠯᠪᠡ᠃      2025 ᠣᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠲᠥᠯᠥᠪᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠤᠷᠢᠳᠴᠢᠯᠠᠨ ᠰᠠᠭᠤᠷᠢ ᠲᠠᠯᠪᠢᠬᠤ ᠶᠢᠨ ᠲᠥᠯᠥᠭᠡ᠂ ᠮᠠᠨ ᠤ ᠬᠤᠲᠠ ︽ᠲᠤᠬᠠᠶ ᠶᠢᠨ ᠭᠠᠵᠠᠷ ᠲᠤᠨᠢ ᠮᠠᠲ᠋ᠧᠷᠢᠶᠠᠯ ᠠᠪᠴᠤ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ︾ ᠵᠠᠷᠴᠢᠮ ᠢ ᠪᠠᠷᠢᠮᠲᠠᠯᠠᠵᠤ᠂ ᠴᠢᠬᠢ ᠮᠣᠳᠣ ᠪᠠ ᠡᠯᠡᠰᠦᠨ ᠬᠠᠯᠬᠠᠪᠴᠢ ᠶᠢᠨ ᠮᠠᠲ᠋ᠧᠷᠢᠶᠠᠯ ᠢ ᠰᠠᠶᠢᠲᠤᠷ ᠨᠥᠭᠡᠴᠡᠯᠡᠵᠦ ᠪᠠᠶᠢᠨ᠎ᠠ᠃ ᠪᠦᠬᠦ ᠬᠤᠲᠠ ᠳᠤ ᠣᠳᠣ ᠬᠦᠷᠢᠶᠡᠯᠡᠩ ᠤᠨ ᠴᠢᠬᠢ ᠮᠣᠳᠣ 2.09 ᠳ᠋ᠦᠩᠰᠢᠭᠤᠷ ᠰᠠᠭᠤᠷᠢ ᠪᠠᠶᠢᠵᠤ᠂ ᠲᠤᠰ ᠭᠠᠵᠠᠷ ᠤᠨ ᠮᠠᠲ᠋ᠧᠷᠢᠶᠠᠯ ᠨᠢ ᠲᠤᠲᠤᠷᠭ᠎ᠠ ᠶᠢᠨ ᠡᠪᠡᠰᠦ ᠶᠢ ᠣᠷᠣᠯᠠᠭᠤᠯᠬᠤ ᠶᠢ ᠬᠡᠷᠡᠭᠵᠢᠭᠦᠯᠵᠦ᠂ ᠨᠢᠭᠡᠨᠲᠡ ᠪᠤᠭᠤᠳᠠᠢ ᠡᠪᠡᠰᠦ᠂ ᠬᠤᠯᠤᠰᠤ᠂ ᠵᠡᠭᠡᠰᠦ ᠡᠪᠡᠰᠦ ᠵᠡᠷᠭᠡ ᠡᠯᠡᠰᠦ ᠳᠠᠷᠤᠰᠢᠭᠤᠯᠬᠤ ᠮᠠᠲ᠋ᠧᠷᠢᠶᠠᠯ ᠢ 1.04 ᠲᠦᠮᠡᠨ ᠲᠣᠨ ᠬᠤᠷᠢᠶᠠᠨ ᠬᠠᠳᠠᠭᠠᠯᠠᠵᠤ᠂ ᠤᠯᠤᠰ ᠤᠨ ᠥᠮᠴᠢᠯᠡᠯᠲᠦ ᠺᠣᠮᠫᠠᠨᠢ ᠪᠣᠯᠣᠨ ᠲᠣᠰᠬᠤᠨ ᠤ ᠬᠠᠮᠲᠤ ᠨᠡᠶᠢᠲᠡ᠂ ᠬᠤᠷᠰᠢᠶ᠎ᠠ ᠨᠢᠭᠡᠨᠲᠡ ᠬᠤᠳᠠᠯᠳᠤᠨ ᠠᠪᠴᠤ ᠬᠠᠳᠠᠭᠠᠯᠠᠬᠤ ᠬᠡᠯᠡᠯᠴᠡᠭᠡᠷ ᠲᠣᠭᠲᠠᠵᠤ᠂ ᠪᠦᠬᠦ ᠬᠤᠲᠠ ᠳᠤ 6.5 ᠲᠦᠮᠡᠨ ᠲᠣᠨ ᠬᠤᠯᠤᠰᠤ ᠭᠠᠷᠴᠤ ᠪᠣᠯᠬᠤ ᠪᠥᠭᠡᠳ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠬᠠᠩᠭᠠᠵᠤ ᠪᠣᠯᠤᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ