ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠬᠤ ᠮᠥᠷᠲᠡᠭᠡᠨ ᠢᠲᠡᠭᠡᠯ ᠵᠣᠷᠢᠭ ᠢᠶᠠᠨ ᠨᠡᠩ ᠪᠠᠲᠤᠳᠬᠠᠬᠤ ᠬᠡᠷᠡᠭᠲᠡᠢ | ᠷᠧᠨ ᠫᠢᠩ | ︵ᠨᠢᠭᠡ︶ | ᠣᠳᠣᠬᠠᠨ ᠤ ᠮᠠᠨ ᠤ ᠤᠯᠤᠰ ᠤᠨ ᠠᠵᠤ ᠠᠬᠤᠢ ᠶᠢᠨ ᠪᠠᠶᠢᠳᠠᠯ ᠢ ᠬᠡᠷᠬᠢᠨ ᠦᠵᠡᠬᠦ ᠪᠤᠢ︖ | ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠳ᠋ᠡᠶᠢᠲ᠋ᠠ ᠶᠢ ᠣᠯᠠᠨ ᠢᠶᠠᠷ ᠢᠶᠠᠨ ᠨᠡᠶᠢᠳᠡᠮ ᠠᠩᠬᠠᠷᠴᠤ ᠬᠦᠭᠵᠢᠶᠡᠨᠲᠡᠢ ᠶᠠᠷᠢᠯᠴᠠᠵᠠᠭᠠᠵᠤ ᠪᠠᠶᠢᠨ᠎ᠠ᠃ | ᠡᠭᠦᠨ ᠤ ᠳᠣᠲᠣᠷ᠎ᠠ᠂ ᠵᠠᠷᠢᠮ ᠬᠥᠮᠥᠨ ᠵᠥᠪᠬᠡᠨ ᠠᠰᠠᠭᠤᠳᠠᠯ ᠢ ᠯᠡ ᠣᠯᠵᠤ ᠦᠵᠡᠪᠡ᠃ ᠤᠯᠠᠷᠢᠯ ᠢᠶᠠᠷ ᠬᠤᠪᠢᠶᠠᠨ ᠦᠵᠡᠪᠡᠯ᠂ 5.3%᠂ 4.7%᠂ 4. | 6% ᠶᠢᠨ ᠠᠵᠤ ᠠᠬᠤᠶ ᠶᠢᠨ ᠠᠳᠠᠯᠢ ᠬᠤᠭᠤᠴᠠᠭ᠎ᠠ ᠲᠠᠢ ᠬᠠᠷᠢᠴᠠᠭᠤᠯᠤᠭᠰᠠᠨ ᠨᠡᠮᠡᠭᠳᠡᠯ ᠤᠨ ᠬᠤᠷᠳᠤᠴᠠ ᠨᠢ ᠪᠠᠭᠤᠷᠠᠬᠤ ᠬᠠᠨᠳᠦᠰᠢ ᠲᠠᠢ ᠪᠠᠶᠢᠨ᠎ᠠ᠃ ᠳᠠᠩ | ᠭᠠᠭᠴᠠ ᠭᠤᠷᠪᠠᠳᠤᠭᠠᠷ ᠤᠯᠠᠷᠢᠯ ᠤᠨ 7᠂ 8 ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ | ᠪᠠᠭᠤᠷᠠᠪᠠ᠃ ᠡᠭᠦᠨ ᠤ ᠤᠯᠠᠮ ᠠᠴᠠ ᠠᠵᠤ ᠠᠬᠤᠶ ᠶᠢᠨ ᠨᠡᠮᠡᠭᠳᠡᠯ ᠤᠨ ᠢᠷᠡᠭᠡᠳᠦᠶ ᠶᠢᠨ ᠲᠦᠯᠦᠪ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠵᠡᠷᠭᠡ | ᠲᠠᠯ᠎ᠠ ᠪᠠᠷ ᠡᠷᠡᠭᠡᠯᠵᠡᠭᠡ ᠲᠠᠢ ᠪᠤᠯᠤᠭᠰᠠᠨ ᠪᠠᠶᠢᠨ᠎ᠠ᠃ | ᠨᠡᠩ ᠤᠯᠠᠨ ᠬᠦᠮᠦᠨ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠭᠰᠠᠨ ᠢᠶᠠᠷ ᠪᠠᠷᠠᠬᠤ ᠦᠭᠡᠢ᠂ ᠨᠡᠩ ᠴᠤ ᠠᠰᠢᠭᠲᠠᠢ ᠨᠥᠬᠦᠴᠡᠯ ᠪᠠ ᠬᠦᠴᠦᠨ ᠵᠦᠢᠯ ᠢ | ᠣᠯᠵᠤ ᠦᠵᠡᠭᠰᠡᠨ ᠪᠠᠶᠢᠨ᠎ᠠ᠃ ᠲᠦᠷᠦᠭᠦᠤ ᠭᠤᠷᠪᠠᠨ ᠤᠯᠠᠷᠢᠯ ᠳᠤ᠂ ᠮᠠᠨ ᠤ ᠤᠯᠤᠰ ᠤᠨ ᠠᠵᠤ ᠠᠬᠤᠶ ᠠᠳᠠᠯᠢ ᠬᠤᠭᠤᠴᠠᠭᠠᠨ ᠤ ᠬᠢ ᠠᠴᠠ 4.8% ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠯᠡᠬᠡᠶ ᠶᠢᠨ ᠭᠤᠤᠯ ᠪᠣᠯᠬᠤ ᠠᠵᠤ ᠠᠬᠤᠶ ᠶᠢᠨ ᠴᠣᠭᠴᠠ ᠶᠢᠨ ᠳᠣᠲᠣᠷ᠎ᠠ ᠡᠮᠦᠨ᠎ᠡ ᠡᠩᠨᠡᠭᠡᠨ ᠳᠤ ᠣᠷᠣᠪᠠ︔ ᠣᠨᠴᠠ | ᠵᠠᠷᠢᠮ ᠠᠵᠤ ᠠᠬᠤᠶ ᠶᠢᠨ ᠴᠣᠭᠴᠠ ᠶᠢᠨ ᠨᠡᠮᠡᠭᠳᠡᠯ ᠤᠨ ᠬᠤᠷᠳᠤᠴᠠ ᠨᠢ ᠬᠡᠳᠦᠢ ᠪᠠᠷ ᠬᠠᠷᠢᠴᠠᠩᠭᠤᠶ ᠪᠠᠷ ᠨᠡᠯᠢᠶᠡᠳ ᠥᠨᠳᠥᠷ ᠪᠠᠶᠢᠭ᠎ᠠ ᠪᠣᠯᠪᠠᠴᠤ ᠲᠡᠭᠦᠨ ᠤ ᠠᠵᠤ | ᠠᠬᠤᠶ ᠶᠢᠨ ᠶᠡᠷᠦᠩᠬᠡᠶ ᠬᠡᠮᠵᠢᠶ᠎ᠡ ᠪᠠ ᠨᠡᠮᠡᠭᠳᠡᠯ ᠤᠨ ᠬᠡᠮᠵᠢᠶ᠎ᠡ ᠨᠢ ᠮᠠᠨ ᠤ ᠬᠢ ᠲᠠᠢ ᠠᠳᠠᠯᠢ ᠬᠡᠮᠵᠢᠶᠡᠨ ᠤ ᠳᠡᠰ ᠲᠤ ᠪᠠᠶᠢᠬᠤ ᠦᠭᠡᠢ᠃ ᠨᠡᠩ ᠴᠢᠬᠤᠯᠠ ᠨᠢ᠂ ᠪᠢᠳᠡ | ᠪᠦᠲᠦᠴᠡ ᠶᠢ ᠰᠢᠯᠢᠳᠡᠭᠵᠢᠭᠦᠯᠬᠦ᠂ ᠬᠦᠳᠡᠯᠭᠡᠭᠴᠢ ᠡᠨᠧᠷᠭᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠤᠷᠢᠲᠠᠯ ᠳᠣᠣᠷ᠎ᠠ ᠲᠤᠭ᠎ᠠ ᠬᠡᠮᠵᠢᠶ᠎ᠡ ᠶᠢᠨ ᠵᠦᠢ | ᠵᠣᠬᠢᠰᠲᠠᠢ ᠨᠡᠮᠡᠭᠳᠡᠯ ᠢ ᠪᠠᠲᠤᠯᠠᠭᠰᠠᠨ ᠪᠠᠶᠢᠨ᠎ᠠ᠃ ᠪᠦᠬᠦ ᠳᠡᠯᠡᠬᠡᠢ ᠶᠢ ᠪᠠᠷᠠᠯᠠᠬᠤᠶ᠎ᠠ᠂ ︽ᠠᠳᠡᠬᠢ ᠦᠵᠡᠮᠵᠢ ᠠᠲᠠᠪᠠᠰᠢ ᠭᠤᠶᠤ ᠪᠠᠶᠢᠪᠠ︾᠃ | ᠨᠢᠭᠡ ᠬᠡᠰᠡᠭ ᠬᠤᠭᠤᠴᠠᠭᠠᠨ ᠳᠤ ᠭᠠᠷᠤᠭᠰᠠᠨ ᠬᠦᠴᠢᠷᠳᠡᠯ ᠪᠠ ᠠᠰᠠᠭᠤᠳᠠᠯ ᠢ ᠲᠡᠬᠢᠭᠠᠦᠠ ᠠᠪᠴᠤ ᠦᠵᠡᠶ᠎ᠡ᠃ ᠡᠭᠦᠨ ᠢ ᠬᠤᠷᠢᠶᠠᠩᠭᠤᠶᠢᠯᠠᠪᠠᠯ ᠭᠤᠣᠯᠳᠠᠭᠤ | ᠳᠣᠣᠷᠠᠬᠢ ᠮᠡᠲᠦ ᠲᠦᠷᠪᠡᠨ ᠲᠠᠯ᠎ᠠ ᠪᠠᠷ ᠢᠯᠡᠷᠡᠵᠦ ᠪᠠᠶᠢᠨ᠎ᠠ᠄ | ᠨᠢᠭᠡ ᠳᠤ᠂ ᠭᠠᠳᠠᠭᠠᠳᠦ ᠣᠷᠴᠢᠨ ᠨᠦᠬᠦᠴᠡᠯ ᠨᠠᠩ ᠨᠠᠷᠢᠨ ᠪᠤᠳᠤᠯᠢᠶᠠᠨᠲᠠᠶ ᠪᠦᠭᠡᠳ ᠬᠦᠨᠳᠦ ᠭᠡᠴᠡᠭᠦᠦ ᠪᠤᠯᠵᠤ ᠪᠠᠶᠢᠨ᠎ᠠ᠃ ᠳᠡᠯᠡᠬᠡᠶ ᠶᠢᠨ ᠠᠵᠤ ᠠᠬᠤᠶ ᠶᠢᠨ | ᠲᠣᠭᠲᠠᠭᠤᠨ ᠪᠤᠰᠤ ᠴᠢᠨᠠᠷ ᠴᠢᠩᠭᠠᠷᠠᠵᠤ᠂ ᠣᠯᠠᠨ ᠤᠯᠤᠰ ᠤᠨ ᠤᠯᠤᠰ ᠲᠥᠷᠥ ᠶᠢᠨ ᠲᠣᠭᠲᠠᠪᠤᠷᠢᠲᠤ ᠪᠤᠰᠤ ᠴᠢᠨᠠᠷ ᠨᠡᠮᠡᠭᠳᠡᠵᠦ᠂ ᠪᠦᠬᠦ ᠪᠥᠮᠪᠥᠷᠴᠡᠭ ᠤᠨ | ᠠᠷᠠᠯᠵᠢᠶᠠᠨ ᠤ ᠬᠠᠮᠠᠭᠠᠯᠠᠯᠲᠠ ᠰᠢᠷᠦᠭᠦᠰᠴᠦ᠂ ᠵᠠᠷᠢᠮ ᠤᠯᠤᠰ ᠤᠳ ᠤᠨ ᠪᠦᠰᠡᠯᠡᠵᠦ ᠬᠤᠷᠢᠭᠯᠠᠬᠤ ᠠᠯᠪᠠᠳᠠᠵᠤ ᠳᠠᠷᠤᠩᠭᠤᠶᠢᠯᠠᠬᠤ ᠪᠠᠶᠢᠳᠠᠯ ᠦᠷᠭᠦᠯᠵᠢᠯᠡᠨ ᠨᠡᠮᠡᠭᠳᠡᠵᠦ | ᠂ ᠮᠠᠨ ᠤ ᠤᠯᠤᠰ ᠤᠨ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠲᠤᠭᠲᠠᠭᠤᠨ ᠪᠠᠶᠢᠯᠭᠠᠬᠤ ᠳᠠᠷᠤᠯᠲᠠ ᠨᠡᠮᠡᠭᠳᠡᠵᠦ ᠪᠠᠶᠢᠨ᠎ᠠ᠃ | ᠬᠤᠶᠠᠷ ᠲᠤ᠂ ᠳᠤᠲᠤᠭᠠᠲᠦ ᠬᠡᠷᠡᠭᠴᠡᠭᠡ ᠤᠷᠤᠭᠰᠢ ᠦᠭᠡᠢ ᠪᠠᠶᠢᠨ᠎ᠠ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠴᠢᠳᠠᠪᠤᠷᠢ ᠪᠣᠯᠤᠨ ᠬᠡᠷᠡᠭᠯᠡᠭᠡ ᠶᠢᠨ ᠬᠦᠰᠡᠯ | ᠡᠷᠡᠮᠡᠯᠵᠡᠯ ᠴᠢᠩᠭ᠎ᠠ ᠪᠢᠰᠢ᠂ ᠪᠡᠯᠡ ᠣᠷᠣᠭᠤᠯᠤᠯᠲᠠ ᠶᠢ ᠲᠤᠭᠲᠠᠭᠤᠨ ᠪᠠᠶᠢᠯᠭᠠᠬᠤ ᠬᠦᠴᠢᠷᠳᠡᠯ ᠨᠡᠮᠡᠭᠳᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ | ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠴᠢᠬᠤᠯᠠ ᠲᠠᠢ ᠪᠠᠶᠢᠨ᠎ᠠ᠃ | ᠭᠤᠷᠪᠠ ᠳᠤ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠵᠦ᠂ ᠪᠣᠷᠤᠯᠠᠭᠤᠯᠭ᠎ᠠ ᠮᠠᠭᠤᠲᠠᠬᠤ᠂ ᠦᠷ᠎ᠡ ᠠᠰᠢᠭ ᠪᠠᠭᠠᠰᠬᠤ᠂ ᠵᠠᠬ᠎ᠠ | ᠳᠡᠯᠭᠡᠭᠦᠷ ᠤᠨ ᠵᠢᠱᠢᠯᠲᠠ ᠮᠠᠭᠤᠲᠠᠬᠤ ᠬᠠᠨᠳᠤᠰᠢ ᠲᠠᠢ ᠪᠠᠶᠢᠬᠤ ᠵᠡᠷᠭᠡ ᠪᠠᠶᠢᠳᠠᠯ ᠳᠤ ᠲᠤᠯᠭᠠᠷᠠᠵᠤ ᠪᠤᠢ᠃ | ᠳᠥᠷᠪᠡ ᠳᠤ᠂ ᠵᠠᠷᠢᠮ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠭᠡᠮ ᠨᠡᠯᠢᠶᠡᠳ ᠠᠷᠪᠢᠨ ᠪᠠᠶᠢᠨ᠎ᠠ᠃ ᠵᠠᠷᠢᠮ ᠣᠷᠣᠨ ᠨᠤᠲᠤᠭᠴᠢᠯᠠᠭᠰᠠᠨ ᠥᠷᠢ | ᠥᠭᠴᠡᠭᠡ ᠶᠢᠨ ᠬᠦᠴᠢᠷᠳᠡᠯ ᠨᠡᠯᠢᠶᠡᠳ ᠶᠡᠭᠡ ᠪᠠᠶᠢᠵᠤ᠂ ᠵᠠᠷᠢᠮ ᠦᠨᠳᠦᠰᠦᠨ ᠱᠠᠲᠤᠨ ᠤ ᠡᠳ᠋ ᠤᠨ ᠵᠠᠰᠠᠭ ᠬᠦᠴᠢᠷᠳᠡᠯ ᠲᠠᠢ ᠪᠠᠶᠢᠵᠤ᠂ ᠵᠠᠷᠢᠮ ᠠᠵᠤ | ᠠᠬᠤᠶᠢᠯᠠᠯ ᠠᠴᠠ ᠠᠵᠢᠯᠲᠠᠨ ᠢᠶᠠᠨ ᠬᠠᠰᠤᠵᠤ ᠴᠠᠯᠢᠩ ᠢᠶᠠᠨ ᠪᠠᠭᠤᠷᠠᠭᠤᠯᠬᠤ ᠪᠠᠶᠢᠳᠠᠯ ᠢᠯᠡᠷᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠵᠠᠯᠠᠭᠤᠴᠤᠳ ᠤᠨ ᠠᠵᠢᠯ ᠣᠯᠭᠤᠯᠲᠠ ᠶᠢᠨ ᠳᠠᠷᠤᠯᠲᠠ ᠨᠡᠮᠡᠭᠳᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ | ᠤᠳᠠᠭᠠᠰᠢᠷᠠᠵᠤ ᠪᠠᠶᠢᠨ᠎ᠠ᠃ | ᠬᠦᠴᠢᠷᠳᠡᠯ ᠳᠤ ᠵᠥᠪ ᠢᠶᠠᠷ ᠬᠠᠨᠳᠤᠬᠤ ᠮᠥᠷᠲᠡᠭᠡᠨ ᠨᠡᠩ ᠴᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ᠄ ︽ | ᠶᠠᠮᠠᠷ ᠦᠶ᠎ᠡ ᠳᠤ ᠬᠦᠴᠢᠷᠳᠡᠯ ᠪᠠᠶᠢᠭᠰᠠᠨ ᠦᠭᠡᠢ ᠪᠤᠢ︖ ᠨᠢᠭᠡ ᠨᠢᠭᠡ ᠪᠠᠷ ᠦᠩᠭᠡᠷᠡᠭᠦᠯᠵᠤ᠂ ᠵᠢᠯ ᠵᠢᠯ ᠢᠶᠠᠷ ᠦᠩᠭᠡᠷᠡᠭᠦᠯᠵᠤ᠂ ᠵᠢᠯ ᠠᠴᠠ ᠵᠢᠯ ᠰᠠᠶᠢᠨ ᠪᠣᠯᠳᠠᠭ᠂ | ᠳᠤᠮᠳᠠᠳᠤ ᠶᠢᠨ ᠦᠨᠳᠦᠰᠦᠲᠡᠨ 5000 ᠭᠠᠷᠤᠢ ᠵᠢᠯ ᠤᠨ ᠲᠤᠷᠰᠢ ᠪᠦᠷ ᠯᠡ ᠢᠩᠭᠢᠵᠦ ᠢᠷᠡᠵᠡᠢ᠃ ᠵᠠᠩᠭᠢᠯᠠᠭ᠎ᠠ ᠨᠢ ᠢᠲᠡᠭᠡᠯ ᠵᠣᠷᠢᠭ ᠢᠶᠠᠨ ᠬᠥᠪᠴᠢᠯᠡᠬᠦ ᠳᠤ ᠪᠤᠢ᠃ | | ᠣᠳᠣᠬᠠᠨ ᠳᠤ ᠪᠢᠳᠡᠨ ᠤ ᠲᠤᠯᠭᠠᠷᠠᠵᠤ ᠪᠠᠶᠢᠭ᠎ᠠ ᠬᠦᠴᠢᠷᠳᠡᠯ ᠪᠣᠯ ᠬᠥᠭᠵᠢᠯᠲᠡ ᠶᠢᠨ ᠳᠤᠮᠳᠠᠬᠢ ᠠᠰᠠᠭᠤᠳᠠᠯ᠂ ᠬᠡᠯᠪᠡᠷᠢ ᠪᠠᠨ ᠬᠤᠪᠢᠷᠠᠭᠤᠯᠬᠤ ᠳᠤᠮᠳᠠᠬᠢ | ᠡᠪᠡᠷᠰᠢᠶᠡᠯ ᠲᠡᠳᠦᠢ᠂ ᠴᠢᠷᠮᠠᠶᠢᠯᠭ᠎ᠠ ᠪᠠᠷ ᠳᠠᠮᠵᠢᠨ ᠪᠦᠷᠢᠮᠦᠰᠦᠨ ᠳᠠᠪᠠᠵᠤ ᠭᠠᠷᠴᠦ ᠪᠣᠯᠬᠤ ᠶᠤᠮ᠃ | ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ | ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠤᠨᠴᠠᠭᠠᠶᠢᠯᠠᠨ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ | ᠴᠢᠭᠯᠡᠭᠦᠯᠦᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠡᠷᠡᠰ ᠰᠢᠭᠤᠷᠬᠠᠢ ᠪᠠᠷ ᠠᠷᠭ᠎ᠠ ᠤᠬᠠᠭᠠᠨ ᠭᠠᠷᠭᠠᠵᠤ᠂ ᠠᠯᠢ ᠤᠯᠠᠨ | ᠨᠡᠮᠡᠭᠳᠡᠯ ᠤᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ ᠬᠡᠷᠡᠭᠵᠢᠭᠦᠯᠵᠦ᠂ ᠨᠢᠭᠡ ᠢᠵᠢ ︽ᠬᠠᠮ ᠠᠷᠭ᠎ᠠ︾ ᠭᠠᠷᠭᠠᠵᠤ᠂ ᠠᠵᠤ ᠠᠬᠤᠢ ᠶᠢᠨ | ᠲᠣᠭᠲᠠᠭᠤᠨ ᠢᠶᠠᠷ ᠦᠭᠡᠳᠡᠯᠡᠨ ᠳᠠᠪᠰᠢᠬᠤ᠂ ᠪᠦᠲᠦᠴᠡ ᠶᠢᠨ ᠰᠢᠯᠢᠳᠡᠭᠵᠢᠬᠦ᠂ ᠬᠥᠭᠵᠢᠯᠲᠡ ᠶᠢᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠬᠦᠴᠦᠯᠡᠨ | ᠠᠬᠢᠭᠤᠯᠪᠠ᠃ | ᠦᠷ᠎ᠡ ᠳ᠋ᠦᠩ ᠨᠢ ᠢᠯᠡᠷᠬᠡᠢ ᠪᠤᠯᠵᠦ ᠪᠠᠶᠢᠨ᠎ᠠ᠃ 9 ᠳ᠋ᠦ᠋ᠭᠡᠷ ᠰᠠᠷ᠎ᠠ ᠠᠴᠠ ᠨᠠᠭᠠᠰᠢ᠂ ᠠᠵᠤ ᠤᠶᠢᠯᠡᠤᠨᠪᠦᠷᠢ᠂ ᠬᠡᠷᠡᠭᠯᠡᠭᠡ᠂ ᠪᠠᠯᠠ ᠤᠷᠤᠭᠤᠯᠤᠯᠲᠠ ᠪᠠ | ᠰᠲ᠋ᠤᠺ ᠤᠨ ᠵᠠᠬ᠎ᠠ ᠳᠡᠯᠭᠡᠭᠦᠷ᠂ ᠭᠡᠷ ᠪᠠᠶᠢᠰᠢᠩ ᠤᠨ ᠵᠠᠬ᠎ᠠ ᠳᠡᠯᠭᠡᠭᠦᠷ ᠵᠡᠷᠬᠡ ᠬᠦᠷᠢᠶᠠᠨ ᠳᠠᠬᠢ ᠠᠵᠤ ᠠᠬᠤᠢ ᠶᠢᠨ ᠠᠵᠢᠯᠯᠠᠭᠠᠨ ᠤ ᠢᠲᠡᠪᠭᠢᠲᠠᠢ ᠬᠤᠪᠢᠷᠠᠯᠲᠠ | ᠤᠯᠠᠮ ᠠᠴᠠ ᠤᠯᠠᠮ ᠤᠯᠠᠨ ᠪᠤᠯᠵᠤ᠂ ᠵᠠᠬ᠎ᠠ ᠲᠡᠯᠭᠡᠭᠦᠷ ᠤᠨ ᠢᠲᠡᠬᠡᠯ ᠵᠤᠷᠢᠭ ᠴᠢᠩᠭᠠᠷᠠᠵᠤ᠂ ᠨᠡᠶᠢᠬᠡᠮ ᠤᠨ ᠵᠢᠱᠢᠯᠲᠠ ᠰᠠᠶᠢᠵᠢᠷᠠᠵᠤ᠂ ᠴᠦᠬᠡᠨ ᠪᠤᠰᠤ ᠠᠵᠤ | ᠠᠬᠤᠢ ᠶᠢᠨ ᠭᠦᠢᠴᠡᠳᠭᠡᠯ ᠲᠤᠭᠠᠨ ᠤ ᠨᠡᠮᠡᠭᠲᠡᠯ ᠤᠨ ᠬᠤᠷᠲᠤᠴᠠ ᠲᠡᠬᠡᠭᠰᠢᠯᠡᠵᠡᠢ᠃ | ᠶᠡᠷᠦᠩᠬᠡᠢ ᠳᠤ ᠨᠢ ᠠᠪᠴᠤ ᠦᠵᠡᠪᠡᠯ᠂ ᠪᠢᠳᠡ ᠪᠠᠭᠤᠷᠠᠯᠲᠠ ᠶᠢᠨ ᠳᠠᠷᠤᠯᠲᠠ ᠶᠢ ᠲᠤᠯᠵᠤ᠂ ᠬᠦᠴᠢᠷ ᠪᠡᠷᠬᠡᠰᠢᠶᠡᠯ ᠥᠷᠢᠰᠥᠯᠳᠦᠭᠡᠨ ᠢ ᠢᠯᠠᠨ ᠳᠠᠪᠠᠵᠤ᠂ ᠠᠵᠤ | ᠠᠬᠤᠢ ᠶᠢᠨ ᠲᠣᠭᠲᠠᠭᠤᠨ ᠡᠷᠭᠢᠯᠲᠡ᠂ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠵᠤ ᠪᠠᠶᠢᠭ᠎ᠠ | ᠬᠥᠭᠵᠢᠯᠲᠡ ᠶᠢᠨ ᠪᠠᠶᠢᠳᠠᠯ᠂ ᠠᠵᠤ ᠠᠬᠤᠢ ᠶᠢᠨ ᠠᠵᠢᠯᠯᠠᠭᠠᠨ ᠨᠢ ᠪᠠᠭᠤᠷᠠᠯᠲᠠ ᠶᠢᠨ ᠶᠠᠪᠤᠴᠠ ᠳᠤ ᠪᠠᠶᠢᠭᠰᠠᠨ ᠠᠴᠠ ᠪᠠᠨ ᠰᠠᠭᠤᠷᠢ ᠶᠢ ᠨᠢ ᠪᠠᠬᠢᠵᠢᠭᠦᠯᠬᠦ ᠪᠣᠯᠵᠤ | ᠳᠠᠬᠢᠨ ᠳᠡᠭᠡᠭᠰᠢᠯᠡᠬᠦ ᠬᠤᠪᠢᠷᠠᠯᠲᠠ ᠶᠢᠨ ᠪᠠᠶᠢᠳᠠᠯ ᠲᠡᠶᠢᠰᠢ ᠤᠯᠠᠷᠢᠵᠤ ᠬᠤᠪᠢᠷᠠᠭᠰᠠᠨ ᠨᠢ ᠤᠯᠠᠮ ᠠᠴᠠ ᠤᠯᠠᠮ ᠢᠯᠡᠷᠬᠡᠢ ᠪᠣᠯᠵᠤ ᠪᠠᠶᠢᠨ᠎ᠠ᠃ | ᠦᠯᠡᠳᠡᠭᠡᠯ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠦᠷ᠎ᠡ ᠨᠦᠯᠦᠭᠡ ᠭᠠᠷᠭᠠᠬᠤ ᠶᠢ ᠳᠠᠭᠠᠯᠳᠤᠨ᠂ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ | ᠲᠦᠷᠭᠡᠳᠬᠡᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠢᠳᠡᠪᠬᠢ ᠬᠦᠴᠦᠨ ᠵᠦᠢᠯ ᠪᠠ | ᠠᠰᠢᠭᠲᠠᠢ ᠨᠥᠬᠦᠴᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠶᠡᠭᠡ ᠲᠥᠯᠥᠪᠰᠢᠷᠡᠯ ᠰᠠᠶᠢᠵᠢᠷᠠᠬᠤ | ᠬᠠᠨᠳᠤᠰᠢ ᠲᠠᠢ ᠪᠣᠯᠵᠤ᠂ ᠪᠥᠬᠦ ᠵᠢᠯ ᠳᠤ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠪᠣᠯᠣᠮᠵᠢᠲᠠᠢ ᠪᠠᠶᠢᠨ᠎ᠠ᠃ | ᠲᠦᠷᠦᠭᠦᠬᠡᠨ᠂ ᠣᠯᠠᠨ ᠤᠯᠤᠰ ᠤᠨ ᠵᠣᠭᠤᠰᠣᠨ ᠤ ᠰᠠᠭᠤᠷᠢ ᠮᠥᠩᠭᠦᠨ ᠤ ᠵᠣᠬᠢᠶᠠᠨ ᠪᠠᠶᠢᠭᠤᠯᠤᠯᠲᠠ ᠶᠢᠨ ᠵᠢᠱᠢᠯᠲᠡ ᠪᠠᠷ᠂ ᠳᠡᠯᠡᠬᠡᠶ ᠶᠢᠨ ᠠᠵᠤ ᠠᠬᠤᠶ ᠶᠢᠨ | ᠨᠡᠮᠡᠭᠳᠡᠯ ᠠᠯᠲᠠᠨ ᠲᠣᠭᠤᠰᠬ᠎ᠠ ᠤᠯᠤᠰ ᠤᠳ ᠲᠤ ᠨᠡᠩ ᠲᠦᠰᠢᠭᠯᠡᠨ᠎ᠡ᠃ ᠫᠸᠡᠭ ᠪᠦᠸᠧ ᠬᠤᠷᠢᠶ᠎ᠠ ᠶᠢᠨ ᠦᠵᠡᠬᠦ ᠪᠠᠷ᠂ ᠳᠤᠮᠳᠠᠳᠤ ᠤᠯᠤᠰ ᠢᠷᠡᠭᠡᠳᠦᠢ ᠶᠢᠨ ᠲᠠᠪᠤᠨ | ᠵᠢᠯ ᠳᠤ ᠪᠦᠬᠦ ᠪᠥᠮᠪᠥᠷᠴᠡᠭ ᠤᠨ ᠨᠡᠮᠡᠭᠳᠡᠯ ᠳᠤ ᠬᠠᠮᠤᠭ ᠤᠨ ᠶᠡᠭᠡ ᠬᠤᠪᠢ ᠨᠡᠮᠡᠷᠢ ᠦᠵᠡᠭᠦᠯᠬᠦ ᠤᠯᠤᠰ ᠪᠣᠯᠬᠤ ᠪᠣᠯᠤᠨ᠎ᠠ ᠭᠡᠵᠡᠢ᠃ | ᠣᠷᠭᠢᠯ ᠳᠤᠷ ᠭᠠᠷᠬᠤᠶ᠎ᠠ ᠬᠦᠴᠢᠷ ᠠᠴᠠ ᠪᠦᠦ ᠠᠶᠤ᠃ ᠡᠨᠡ ᠬᠦ ᠲᠠᠰᠢᠷᠠᠮ ᠢᠶᠠᠷ᠂ ᠪᠢᠳᠡ ᠠᠵᠤ ᠠᠬᠤᠢ ᠶᠢᠨ ᠪᠠᠶᠢᠳᠠᠯ ᠳᠤ ᠪᠦᠬᠦ ᠲᠠᠯ᠎ᠠ ᠪᠠᠷ ᠪᠤᠰᠤᠳᠴᠢ ᠪᠠᠷ | ᠯᠠᠪᠳᠠᠭᠤᠨ ᠲᠣᠭᠲᠠᠭᠤᠨ ᠢᠶᠠᠷ ᠬᠠᠨᠳᠤᠵᠤ᠂ ᠪᠦᠬᠦ ᠲᠠᠯ᠎ᠠ ᠶᠢ ᠠᠵᠢᠭᠯᠠᠨ᠂ ᠶᠡᠭᠡ ᠬᠠᠨᠳᠤᠰᠢ ᠶᠢ ᠡᠵᠡᠮᠳᠡᠵᠦ᠂ ᠭᠤᠣᠯᠳᠠᠯᠭ᠎ᠠ ᠶᠢ ᠠᠳᠬᠤᠨ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠰᠠᠭᠤᠳᠠᠯ ᠪᠣᠯᠤᠨ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ | ᠬᠥᠭᠵᠢᠭᠦᠯᠬᠦ ᠬᠡᠷᠡᠭᠲᠡᠢ ᠭᠡᠵᠡᠢ᠃ | | | |