ᠮᠠᠨ ᠤ ᠬᠤᠲᠠ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷ︾᠎ ᠢ ᠠᠷᠢᠯᠭᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠠᠬᠢᠭᠤᠯᠪᠠ
ᠨᠡᠶᠢᠲᠡᠯᠡᠭᠰᠡᠨ ᠴᠠᠭ᠄
2024/11/22
      ᠡᠨᠡ ᠵᠢᠯ ᠠᠴᠠ ᠨᠠᠰᠢ᠂ ᠮᠠᠨ ᠤ ᠬᠤᠲᠠ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷ︾ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃      ᠡᠯ᠎ᠡ ᠬᠤᠰᠢᠭᠤ ᠰᠢᠶᠠᠨ ᠲᠣᠭᠤᠷᠢᠭ ︽ᠨᠢᠭᠡᠨᠲᠡ ᠪᠣᠷᠣᠯᠠᠭᠤᠯᠤᠭᠰᠠᠨ᠂ ᠨᠢᠭᠡᠨᠲᠡ ᠣᠷᠣᠵᠤ ᠰᠠᠭᠤᠭᠰᠠᠨ᠂ ᠥᠮᠴᠢᠯᠡᠬᠦ ᠡᠷᠬᠡ ᠶᠢᠨ ᠳᠡᠩᠰᠡᠯᠡᠯᠲᠡ ᠶᠢ ᠬᠡᠪ ᠤᠨ ᠪᠠᠶᠢᠳᠠᠯ ᠢᠶᠠᠷ  ᠭᠦᠢᠴᠡᠳᠬᠡᠬᠦ ᠶᠢᠨ ᠠᠷᠭ᠎ᠠ ᠥᠬᠡᠶ︾ ᠣᠷᠣᠨ ᠰᠠᠭᠤᠴᠠ ᠶᠢᠨ ᠲᠥᠷᠥᠯ  ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠤᠬᠡᠨ ᠠᠴᠠ ᠦᠯᠡᠳᠡᠭᠳᠡᠵᠦ ᠢᠷᠡᠭᠰᠡᠨ ︽ᠳᠡᠩᠰᠡᠯᠡᠨ ᠲᠡᠮᠳᠡᠭᠯᠡᠬᠦ ᠳᠤ ᠬᠦᠴᠢᠷᠲᠡᠶ︾ ᠠᠰᠠᠭᠤᠳᠠᠯ ᠤᠨ ᠡᠬᠡ ᠲᠠᠩᠰᠠ ᠶᠢᠨ ᠰᠠᠭᠤᠷᠢᠨ ᠳᠡᠭᠡᠷ᠎ᠡ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠵᠠᠬᠢᠳᠠᠯ ᠰᠤᠷᠪᠤᠯᠵᠢᠯᠠᠭ᠎ᠠ᠂ ᠰᠢᠮᠳᠠᠭᠤᠯᠤᠨ ᠪᠠᠶᠢᠴᠠᠭᠠᠬᠤ ᠪᠠ 12345 ᠬᠠᠯᠠᠮᠰᠢᠯ ᠤᠲᠠᠰᠤ ᠵᠡᠷᠭᠡ ᠠᠰᠠᠭᠤᠳᠠᠯ ᠢ ᠬᠠᠷᠢᠭᠤ ᠲᠤᠰᠬᠠᠬᠤ ᠠᠷᠭ᠎ᠠ ᠵᠠᠮ ᠲᠠᠢ ᠤᠶᠠᠯᠳᠤᠭᠤᠯᠤᠨ ᠳᠠᠬᠢᠨ ᠪᠠᠶᠢᠳᠠᠯ ᠢ ᠣᠶᠢᠯᠠᠭᠠᠵᠤ᠂ ᠳᠠᠬᠢᠨ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠡᠬᠡ ᠲᠠᠩᠰᠠ ᠪᠠᠶᠢᠭᠤᠯᠪᠠ᠃ ᠪᠥᠬᠦ ᠬᠤᠲᠠ ᠶᠢᠨ 144 ᠲᠥᠷᠥᠯ ᠵᠦᠢᠯ᠂ ᠬᠤᠯᠪᠣᠭᠳᠠᠭᠰᠠᠨ 59581 ᠢᠵᠢ ᠣᠷᠣᠨ ᠰᠠᠭᠤᠴᠠ ᠶᠢ ᠠᠰᠠᠭᠤᠳᠠᠯ ᠤᠨ ᠡᠬᠡ ᠲᠠᠩᠰᠠ ᠳᠤ ᠣᠷᠣᠭᠤᠯᠪᠠ᠃      ᠪᠥᠬᠦ ᠬᠤᠲᠠ ᠪᠠᠷ ᠢᠶᠠᠨ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠶᠢᠨ ᠲᠥᠰᠦᠯ ᠳᠠᠷᠤᠮᠠᠯᠯᠠᠨ ᠲᠠᠷᠬᠠᠭᠠᠵᠤ᠂ ᠭᠠᠵᠠᠷ ᠬᠡᠷᠡᠭᠯᠡᠬᠦ ᠭᠠᠷ ᠭᠦᠢᠴᠡᠳᠭᠡᠯ᠂ ᠲᠥᠯᠥᠪᠵᠢᠭᠦᠯᠭᠡ ᠶᠢ ᠬᠢᠨᠠᠨ ᠬᠠᠷᠭᠤᠭᠤᠯᠬᠤ᠂ ᠠᠵᠢᠯ ᠳᠠᠭᠤᠰᠤᠭᠰᠠᠨ ᠢ ᠰᠢᠯᠭᠠᠨ ᠠᠪᠬᠤ᠂ ᠭᠠᠶᠢᠯᠢ ᠲᠤᠰᠢᠶᠠᠬᠤ ᠮᠡᠳᠡᠭᠦᠯᠦᠯᠲᠡ ᠶᠢ ᠨᠡᠬᠡᠮᠵᠢᠯᠡᠨ ᠲᠤᠰᠢᠶᠠᠯᠭᠠᠬᠤ ᠵᠡᠷᠭᠡ 7 ᠲᠥᠷᠥᠯ ᠤᠨ ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠵᠤ᠂ ᠠᠰᠠᠭᠤᠳᠠᠯ ᠢ ᠰᠢᠢᠳᠪᠦᠷᠢᠯᠡᠬᠦ ᠶᠢ ᠪᠥᠬᠦ ᠬᠦᠴᠦᠨ ᠢᠶᠠᠷ ᠠᠬᠢᠭᠤᠯᠪᠠ᠃      ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠴᠡᠭᠴᠡᠯᠡᠨ ᠵᠠᠰᠠᠬᠤ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠠᠵᠢᠯ ᠤᠨ ᠲᠥᠰᠦᠯ᠂ ᠠᠵᠢᠯ ᠤᠨ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ᠂ ᠭᠠᠵᠠᠷ ᠬᠡᠷᠡᠭᠯᠡᠬᠦ ᠭᠠᠷ ᠭᠦᠢᠴᠡᠳᠬᠡᠯ ᠢ ᠨᠥᠬᠦᠵᠦ ᠭᠦᠢᠴᠡᠳᠭᠡᠬᠦ᠂ ᠲᠥᠯᠥᠪᠵᠢᠭᠦᠯᠭᠡ ᠶᠢ ᠬᠢᠨᠠᠨ ᠬᠠᠷᠭᠤᠭᠤᠯᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠦᠨᠡᠮᠯᠡᠯ ᠠᠪᠬᠤ ᠲᠦᠭᠵᠢᠷᠡᠯ ᠢ ᠰᠠᠭᠠᠳ ᠥᠬᠡᠶ ᠨᠡᠪᠲᠡᠷᠡᠭᠦᠯᠦᠨ᠎ᠡ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠡᠳᠦᠷ ᠤᠨ ᠲᠣᠬᠢᠷᠠᠭᠤᠯᠤᠯᠲᠠ᠂ ᠡᠳᠦᠷ ᠤᠨ ᠵᠠᠷᠯᠠᠨ ᠮᠡᠳᠡᠭᠳᠡᠬᠦ ᠠᠵᠢᠯ ᠤᠨ ᠵᠠᠭᠪᠤᠷ ᠪᠠ ᠪᠠᠭ ᠤᠨ ᠪᠦᠷᠢᠯᠳᠦᠬᠦᠨ ᠤ ᠬᠤᠰᠢᠭᠤ ᠰᠢᠶᠠᠨ ᠲᠣᠭᠤᠷᠢᠭ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠬᠤ᠂ ᠵᠠᠷᠯᠠᠨ ᠮᠡᠳᠡᠭᠳᠡᠬᠦ᠂ ᠵᠠᠬᠢᠳᠠᠯ ᠢᠯᠡᠭᠡᠬᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠠᠢ ᠵᠥᠪᠳᠡᠯᠴᠡᠨ ᠬᠠᠮᠲᠤ ᠪᠠᠷ ᠠᠬᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠬᠤᠰᠢᠭᠤ ᠰᠢᠶᠠᠨ ᠲᠣᠭᠤᠷᠢᠭ ᠤᠨ ᠠᠰᠠᠭᠤᠳᠠᠯ ᠢ ᠰᠢᠢᠳᠪᠦᠷᠢᠯᠡᠬᠦ ᠶᠢ ᠦᠨᠡᠨᠬᠦ ᠠᠬᠢᠭᠤᠯᠬᠤ ᠶᠢ ᠰᠢᠮᠳᠠᠭᠤᠯᠤᠨ ᠵᠢᠯᠣᠭᠤᠳᠤᠨ᠎ᠠ᠃      11 ᠰᠠᠷ᠎ᠠ ᠶᠢᠨ 15᠎ ᠤ ᠡᠳᠦᠷ ᠪᠣᠯᠲᠠᠯ᠎ᠠ᠂ ᠪᠥᠬᠦ ᠬᠤᠲᠠ ᠶᠢᠨ 134 ᠲᠥᠷᠥᠯ ᠵᠦᠢᠯ᠂ 57915 ᠣᠷᠣᠨ ᠰᠠᠭᠤᠴᠠ ᠶᠢ ᠰᠢᠢᠳᠪᠦᠷᠢᠯᠡᠨ ᠳᠡᠩᠰᠡᠯᠡᠨ ᠲᠡᠮᠳᠡᠭᠯᠡᠬᠦ ᠲᠦᠭᠵᠢᠷᠡᠯ ᠤᠨ ᠠᠰᠠᠭᠤᠳᠠᠯ ᠢ ᠨᠢᠭᠡᠨᠲᠡ 54062 ᠬᠤᠪᠢ ᠡᠷᠦᠬᠡ ᠬᠤᠪᠢᠶᠠᠨ ᠳᠡᠩᠰᠡᠯᠡᠵᠦ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨᠠᠨ ᠬᠠᠷᠭᠤᠭᠤᠯᠬᠤ ᠶᠢᠨ ᠬᠠᠮᠲᠤ ᠳ᠋ᠤᠭᠠᠷ ᠬᠠᠰᠤᠵᠤ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠴᠡᠭᠴᠡᠯᠡᠨ ᠵᠠᠰᠠᠬᠤ ᠱᠠᠲᠤ ᠦᠶ᠎ᠡ ᠶᠢᠨ ᠴᠢᠨᠠᠷᠲᠠᠶ ᠡᠭᠦᠷᠭᠡ ᠪᠠ ᠮᠠᠨ ᠤ ᠬᠤᠲᠠ ᠶᠢᠨ ᠵᠠᠭᠤᠨ ᠡᠳᠦᠷ ᠤᠨ ᠪᠣᠭᠤᠮᠲᠠ ᠰᠢᠪᠲᠤᠯᠬᠤ ᠡᠭᠦᠷᠭᠡ ᠶᠢ ᠪᠡᠶᠡᠯᠡᠭᠦᠯᠪᠡ᠃ ᠦᠯᠡᠳᠡᠭᠰᠡᠨ 10 ᠲᠥᠷᠥᠯ ᠵᠦᠢᠯ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠠᠰᠠᠭᠤᠳᠠᠯ ᠠᠴᠠ ᠪᠣᠯᠵᠤ ᠬᠡᠪ ᠤᠨ ᠪᠠᠶᠢᠳᠠᠯ ᠳᠤ ᠰᠢᠯᠵᠢᠭᠦᠯᠦᠨ ᠰᠢᠢᠳᠪᠦᠷᠢᠯᠡᠬᠦ ᠶᠢ ᠠᠬᠢᠭᠤᠯᠪᠠ    
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ