ᠪᠥᠬᠦ ᠬᠤᠲᠠ ᠶᠢᠨ ︽ᠣᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠳᠦᠷ︾ ᠤᠨ ᠭᠤᠤᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/12/26
      12 ᠰᠠᠷ᠎ᠠ ᠶᠢᠨ 4 ᠤ ᠡᠳᠦᠷ᠂ ᠪᠥᠬᠦ ᠬᠤᠲᠠ ᠶᠢᠨ ︽ᠣᠯᠠᠨ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠡᠳᠦᠷ︾ ᠤᠨ ᠭᠤᠤᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠯᠢᠨ ᠾᠧ ᠳᠤ ᠡᠬᠢᠯᠡᠪᠡ᠃      ᠲᠤᠰ ᠤᠳᠠᠭᠠᠨ ᠤ ᠠᠵᠢᠯᠯᠠᠭ᠎ᠠ ᠨᠢ ︽ᠰᠠᠶᠢᠨ ᠳᠤᠷ᠎ᠠ ᠶᠢᠨ ᠬᠦᠴᠦᠨ ᠢᠶᠠᠨ ᠡᠷᠭᠦᠵᠦ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠶ᠎ᠠ︾ ᠭᠡᠬᠦ ᠭᠤᠣᠯ ᠰᠡᠳᠦᠪ ᠢᠶᠠᠷ ᠶᠠᠪᠤᠭᠳᠠᠪᠠ᠃ ᠲᠣᠰ ᠡᠳᠦᠷ ᠤᠨ ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠷᠦᠩ ᠠᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠠᠶᠠᠨᠨᠠᠭᠤᠷ ᠤᠨ ᠲᠢᠶᠠᠨ ᠾᠧᠩ ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠠᠶᠠᠨᠨᠠᠭᠤᠷ ᠲᠠᠬᠢ ᠬᠤᠪᠢᠶᠠᠷᠢ ᠺᠣᠮᠫᠠᠨᠢ ᠲᠣᠰ ᠲᠣᠰ ᠮᠠᠨ ᠤ ᠬᠤᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠯᠪᠣᠭᠠᠲᠤ ᠬᠤᠷᠠᠯ ᠳᠤ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ ᠨᠡᠶᠢᠲᠡ ᠶᠢᠨ ᠠᠰᠠᠷᠠᠮᠵᠢ ᠳᠤ ᠬᠦᠴᠦᠨ ᠨᠡᠮᠡᠷᠢᠯᠡᠪᠡ︔ ᠰᠠᠶᠢᠨ ᠲᠤᠷᠠᠴᠤᠳ ᠤᠨ ᠲᠥᠯᠥᠭᠡᠯᠡᠭᠴᠢ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠭᠰᠡᠨ ᠪᠥᠭᠡᠳ ᠪᠥᠬᠦ ᠰᠠᠶᠢᠨ ᠲᠤᠷᠠᠴᠤᠳ ᠢ ᠳᠠᠭᠠᠭᠤᠯᠤᠨ ᠲᠠᠩᠭᠠᠷᠢᠭᠯᠠᠪᠠ᠃ ᠲᠤᠬᠠᠶ ᠶᠢᠨ ᠲᠠᠯᠠᠪᠤᠷ ᠲᠤ ᠪᠠᠰᠠ ᠭᠠᠷ ᠳᠡᠪᠲᠡᠷ ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ᠂ ᠮᠡᠳᠡᠯᠭᠡ ᠶᠢᠨ ᠥᠷᠢᠰᠥᠯᠳᠦᠭᠡᠨ ᠤ ᠬᠠᠷᠢᠭᠤᠯᠲᠠ᠂ ᠲᠣᠭᠯᠠᠭᠠᠮ ᠤᠨ ᠦᠢᠯᠡᠳᠦᠯᠴᠡᠯ ᠵᠡᠷᠭᠡ ᠬᠡᠯᠪᠡᠷᠢ ᠪᠠᠷ ᠳᠠᠮᠵᠢᠭᠤᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠤᠬᠠᠭᠤᠯᠭ᠎ᠠ ᠶᠢ ᠥᠷᠨᠢᠭᠦᠯᠦᠭᠰᠡᠨ ᠪᠥᠭᠡᠳ ᠬᠤᠲᠠ ᠶᠢᠨ ᠠᠷᠠᠳ ᠲᠤ ᠠᠯᠪᠠᠨ ᠵᠢᠷᠤᠮ ᠤᠨ ᠡᠮᠴᠢᠯᠡᠭᠡ ᠪᠠ ᠡᠯ᠎ᠡ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠦᠢᠯᠡᠴᠢᠯᠡᠭᠡ ᠬᠠᠩᠭᠠᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠶᠠᠮᠤᠨ ᠠᠴᠠ ᠭᠤᠤᠯᠯᠠᠨ ᠡᠷᠭᠢᠯᠡᠵᠦ᠂ ᠯᠢᠨ ᠾᠧ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠶᠠᠮᠤᠨ ᠳᠠᠭᠠᠭᠠᠨ ᠡᠷᠭᠢᠯᠡᠵᠦ᠂ 12 ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠨ᠎ᠡ᠃ ᠠᠵᠢᠯᠯᠠᠭ᠎ᠠ ᠶᠢᠨ ᠬᠤᠭᠤᠴᠠᠭᠠᠨ ᠳᠤ ᠰᠠᠶᠢᠨ ᠳᠤᠷ᠎ᠠ ᠶᠢᠨ ᠦᠢᠯᠡᠴᠢᠯᠡᠭᠡ᠂ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡ᠂ ᠪᠠᠭᠤᠷᠠᠶ ᠶᠢ ᠲᠡᠳᠬᠦᠵᠦ ᠬᠦᠴᠢᠷᠳᠡᠯᠲᠡᠶ ᠶᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠭᠤᠯᠭ᠎ᠠ ᠪᠠᠷ ᠪᠠᠶᠠᠯᠢᠭ᠂ ᠬᠡᠯᠪᠡᠷᠢ ᠨᠢ ᠣᠯᠠᠨ ᠶᠠᠩᠵᠤ᠂ ᠲᠣᠰ ᠲᠣᠰ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ ᠂ ᠣᠯᠠᠨ ᠲᠦᠮᠡᠨ ᠳᠤ ᠣᠨᠣᠯ᠂ ᠰᠣᠶᠣᠯ᠂ ᠦᠢᠯᠡᠴᠢᠯᠡᠭᠡ ᠬᠦᠷᠭᠡᠪᠡ᠃      ᠣᠶᠢᠷ᠎ᠠ ᠶᠢᠨ ᠵᠢᠯ ᠳᠤ᠂ ᠮᠠᠨ ᠤ ᠬᠤᠲᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠨᠢ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠠᠬᠢᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠰᠢᠨ᠎ᠡ ᠬᠥᠭᠵᠢᠯᠲᠡ ᠶᠢᠨ ᠱᠠᠲᠤᠨ ᠳᠤ ᠣᠷᠣᠪᠠ᠃ ᠣᠳᠣᠬᠠᠨ ᠳᠤ᠂ ᠮᠠᠨ ᠤ ᠬᠤᠲᠠ ᠶᠢᠨ ᠬᠠᠤᠯᠢ ᠶᠣᠰᠣᠭᠠᠷ ᠳᠠᠩᠰᠠᠯᠠᠭᠤᠯᠤᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠨᠡᠶᠢᠲᠡ 24 ᠪᠠᠶᠢᠵᠤ᠂ ᠨᠡᠶᠢᠭᠡᠮ ᠤᠨ ᠠᠵᠢᠯ ᠤᠨ ᠲᠤᠰᠬᠠᠶ ᠦᠢᠯᠡᠴᠢᠯᠡᠭᠡᠨ ᠤ ᠲᠥᠪ ᠪᠠᠶᠢᠭᠤᠯᠤᠮᠵᠢ 10᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ 1200 ᠭᠠᠷᠤᠶ ᠪᠠᠶᠢᠵᠤ᠂ ︽ᠪᠥᠬᠦ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠦᠯᠵᠢᠶ᠎ᠡ︾ ᠳᠡᠭᠡᠷ᠎ᠡ ᠦᠨᠡᠨ ᠨᠡᠷ᠎ᠡ ᠪᠠᠷ ᠳᠠᠩᠰᠠᠯᠠᠭᠤᠯᠤᠭᠰᠠᠨ ᠰᠠᠶᠢᠨ ᠳᠤᠷ᠎ᠠ ᠶᠢᠨ ᠠᠵᠢᠯᠯᠠᠭᠴᠢ 12.8 ᠲᠦᠮᠡᠨ ᠬᠥᠮᠦᠨ ᠳᠤ ᠬᠦᠷᠴᠡᠶ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ