ᠣᠳᠣᠬᠠᠨ ᠳᠤ᠂ ᠮᠠᠨ ᠤ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠤᠲᠠ ᠶᠢᠨ ᠬᠡᠪᠴᠢᠶᠡᠨ ᠤ ᠦᠢᠯᠡᠳᠪᠦᠷᠢᠯᠡᠯ ᠰᠤᠷᠭᠠᠨ | ᠬᠥᠮᠦᠵᠢᠯ ᠤᠨ ᠬᠤᠯᠪᠣᠭᠠᠲᠤ ᠴᠣᠭᠴᠠ ᠨᠢᠭᠡᠨᠲᠡ 7 ᠶᠡᠭᠡ ᠳᠡᠭᠡᠳᠦ ᠰᠤᠷᠭᠠᠭᠤᠯᠢ ᠪᠠ 58 ᠠᠵᠤ ᠠᠬᠤᠶᠢᠯᠠᠯ ᠢ ᠬᠠᠮᠤᠷᠴᠠᠶ᠃ | ᠣᠶᠢᠷ᠎ᠠ ᠶᠢᠨ ᠵᠢᠯ ᠳᠤ᠂ ᠮᠠᠨ ᠤ ᠬᠤᠲᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠤᠲᠠ ᠶᠢᠨ ᠬᠡᠪᠴᠢᠶᠡᠨ ᠤ ᠦᠢᠯᠡᠳᠪᠦᠷᠢᠯᠡᠯ ᠰᠤᠷᠭᠠᠨ | ᠬᠥᠮᠦᠵᠢᠯ ᠤᠨ ᠬᠤᠯᠪᠣᠭᠠᠲᠤ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠭᠰᠠᠨ ᠪᠥᠭᠡᠳ ᠰᠠᠶᠢᠨ ᠦᠷ᠎ᠡ ᠪᠦᠲᠦᠮᠵᠢ ᠤᠯᠪᠠ᠃ | ᠣᠳᠣᠬᠠᠨ ᠪᠣᠯᠲᠠᠯ᠎ᠠ᠂ ᠮᠠᠨ ᠤ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠤᠲᠠ ᠶᠢᠨ ᠬᠡᠪᠴᠢᠶᠡᠨ ᠤ ᠦᠢᠯᠡᠳᠪᠦᠷᠢᠯᠡᠯ ᠰᠤᠷᠭᠠᠨ | ᠬᠥᠮᠦᠵᠢᠯ ᠤᠨ ᠬᠤᠯᠪᠣᠭᠠᠲᠤ ᠴᠣᠭᠴᠠ ᠨᠢᠭᠡᠨᠲᠡ ᠪᠣᠷᠣᠲᠣᠬᠤᠶ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠤᠷᠠᠨ ᠵᠢᠷᠤᠭ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠵᠢᠴᠢ 5 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠡᠶᠢᠲᠡ 7 ᠶᠡᠭᠡ ᠳᠡᠭᠡᠳᠦ ᠰᠤᠷᠭᠠᠭᠤᠯᠢ ᠪᠠ 58 ᠠᠵᠤ ᠠᠬᠤᠶᠢᠯᠠᠯ ᠢ ᠬᠠᠮᠤᠷᠴᠠᠶ᠃ | ᠪᠣᠷᠣᠲᠣᠬᠤᠶ ᠳᠡᠭᠡᠳᠦ ᠰᠤᠷᠭᠠᠭᠤᠯᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠰᠢᠯᠵᠢᠭᠦᠯᠦᠨ ᠬᠤᠪᠢᠷᠠᠭᠤᠯᠬᠤ ᠲᠥᠪ᠂ ᠬᠠᠲᠠᠭᠤ ᠪᠣᠭᠤᠳᠠᠶ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠬᠥᠮᠦᠨ ᠪᠠ ᠮᠠᠯ ᠠᠷᠢᠶᠠᠲᠠᠨ ᠤ ᠬᠠᠯᠳᠠᠪᠤᠷᠢᠲᠤ | ᠡᠪᠡᠳᠴᠢᠨ ᠢ ᠪᠠᠶᠢᠴᠠᠭᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠦᠢᠯᠡᠴᠢᠯᠡᠭᠡᠨ ᠤ ᠲᠥᠪ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠴᠢᠳᠠᠪᠤᠷᠢᠲᠠᠨ ᠢ ᠬᠥᠮᠦᠵᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠣᠶᠢᠷ᠎ᠠ ᠶᠢᠨ 5 ᠵᠢᠯ ᠳᠤ ᠲᠠᠷᠢᠶᠠᠯᠠᠩ ᠳᠤ ᠬᠤᠯᠪᠣᠭᠳᠠᠬᠤ ᠲᠥᠷᠥᠯ ᠤᠨ | ᠬᠦᠴᠦᠨ ᠪᠥᠬᠦᠶ ᠲᠤᠰᠬᠠᠶ ᠠᠰᠢᠭ ᠢ ᠨᠡᠶᠢᠲᠡ 30 ᠬᠤᠪᠢ ᠭᠥᠷᠳᠡᠪᠡ᠃ ᠡᠨᠡ ᠵᠢᠯ ᠠᠴᠠ ᠨᠠᠰᠢ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ 3 | ᠬᠤᠭᠤᠴᠠᠭᠠᠨ ᠤ ᠲᠠᠷᠢᠶᠠᠯᠠᠩ ᠤᠨ ᠴᠢᠳᠠᠪᠤᠷᠢᠲᠠᠨ ᠤ ᠪᠣᠯᠪᠠᠰᠤᠷᠠᠯ ᠤᠨ ᠠᠩᠭᠢ ᠡᠷᠬᠢᠯᠡᠵᠦ᠂ 1200 ᠬᠥᠮᠦᠨ ᠢ ᠪᠣᠯᠪᠠᠰᠤᠷᠠᠭᠤᠯᠪᠠ︔ 6 ᠠᠵᠤ ᠠᠬᠤᠶᠢᠯᠠᠯ ᠳᠤ | ᠰᠤᠷᠤᠭᠴᠢᠳ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠵᠤ᠂ 230 ᠠᠵᠢᠯ ᠤᠨ ᠪᠠᠶᠢᠷᠢ ᠬᠠᠩᠭᠠᠪᠠ᠃ | |