︽ᠲᠠᠪᠤᠨ ᠶᠡᠭᠡ ᠡᠭᠦᠷᠭᠡ︾᠎ ᠶᠢᠨ ᠨᠠᠶᠢᠳᠠᠪᠤᠷᠢᠵᠢᠬᠤ ᠶᠢ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ  — ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠮᠤ ᠪᠤᠳᠠᠭᠠᠨ ᠤ ᠠᠮᠤᠷ ᠲᠦᠪᠰᠢᠨ ᠰᠠᠭᠤᠷᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/12/27
      ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠮᠠᠨ ᠤ ᠬᠤᠲᠠ ᠲᠠᠷᠢᠶᠠᠯᠠᠩ ᠤᠨ ᠰᠡᠯᠡᠭᠦᠦ ᠴᠠᠭ ᠢ  ᠠᠮᠵᠢᠨ᠂ ᠡᠯ᠎ᠡ ᠭᠠᠵᠠᠷ ᠤᠨ ᠬᠢᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ  ᠲᠦᠷᠭᠡᠳᠬᠡᠵᠦ ᠪᠠᠶᠢᠨ᠎ᠠ᠃      ᠨᠠᠮᠤᠷ ᠤᠨ ᠬᠤᠷᠢᠶᠠᠯᠲᠠ ᠶᠢᠨ ᠠᠵᠢᠯ ᠳᠠᠭᠤᠰᠬᠤ ᠶᠢ ᠳᠠᠭᠠᠯᠳᠤᠨ᠂ ᠤᠷᠠᠳ ᠤᠨ ᠳᠤᠮᠳᠠᠳᠤ ᠬᠤᠰᠢᠭᠤ ᠪᠠᠷᠢᠯᠭ᠎ᠠ ᠶᠢᠨ ᠬᠤᠭᠤᠴᠠᠭ᠎ᠠ ᠶᠢ ᠱᠠᠯᠠᠪᠳᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ᠃  ᠲᠡᠯ ᠠᠭᠤᠯᠠ ᠪᠠᠯᠭᠠᠰᠤ ᠶᠢᠨ ᠰᠤᠳᠤᠯ ᠤᠨ ᠬᠤᠳᠤᠭ ᠭᠠᠴᠠᠭ᠎ᠠ ᠪᠣᠯᠣᠨ ᠱᠧᠩ ᠯᠢ ᠲᠣᠰᠬᠤᠨ ᠤ 6.53 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠲᠣᠮᠣ ᠬᠡᠯᠪᠡᠷᠢ ᠶᠢᠨ ᠮᠠᠰᠢᠨ ᠮᠧᠬᠠᠨᠢᠭ ᠨᠠᠰᠢ ᠴᠠᠰᠢ ᠰᠦᠯᠵᠢᠯᠳᠦᠵᠦ ᠶᠠᠭᠠᠷᠠᠯᠳᠤᠨ᠎ᠠ᠃      ᠣᠶᠢᠯᠠᠭᠠᠭᠰᠠᠨ ᠢᠶᠠᠷ᠂ ᠡᠨᠡ ᠵᠢᠯ ᠤᠷᠠᠳ ᠤᠨ ᠳᠤᠮᠳᠠᠳᠤ ᠬᠤᠰᠢᠭᠤ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ 34.89 ᠲᠦᠮᠡᠨ ᠮᠦ ᠶᠢ ᠬᠡᠷᠡᠭᠵᠢᠭᠦᠯᠵᠦ᠂ ᠳᠠᠪᠬᠤᠷᠳᠠᠭᠤᠯᠤᠨ ᠴᠡᠭᠴᠡᠯᠡᠨ ᠵᠠᠰᠠᠬᠤ ᠲᠥᠷᠥᠯ ᠵᠦᠢᠯ ᠢ 1.17 ᠲᠦᠮᠡᠨ ᠮᠦ ᠶᠢ ᠬᠡᠷᠡᠭᠵᠢᠭᠦᠯᠵᠦ᠂ 10 ᠲᠣᠰᠬᠤᠨ ᠳᠤ ᠬᠤᠯᠪᠣᠭᠳᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠰᠢᠨ᠎ᠡ ᠪᠠᠷ ᠪᠠᠶᠢᠭᠤᠯᠬᠤ ᠴᠥᠭᠦᠷᠥᠮ᠂ ᠤᠰᠤ ᠲᠠᠲᠠᠬᠤ ᠬᠥᠭᠡᠷᠭᠡ ᠶᠢᠨ ᠥᠷᠲᠡᠭᠡ ᠵᠢᠴᠢ ᠰᠢᠨ᠎ᠡ ᠪᠠᠷ ᠪᠠᠶᠢᠭᠤᠯᠬᠤ ᠲᠠᠷᠢᠶᠠᠨ ᠭᠠᠵᠠᠷ ᠤᠨ ᠵᠠᠮ ᠵᠡᠷᠭᠡ ᠪᠠᠭᠲᠠᠨ᠎ᠠ᠃      ᠦᠶᠤᠸᠠᠨ ᠰᠢᠶᠠᠨ ᠤ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ ᠲᠥᠯᠦᠪᠵᠢᠭᠦᠯᠭᠡ ᠪᠠᠷ ᠬᠠᠮᠲᠤᠪᠠᠷ ᠰᠦᠪᠡᠭᠴᠢᠯᠡᠬᠦ᠂ ᠲᠦᠷᠦᠯ ᠵᠦᠢᠯ ᠢ ᠬᠠᠮᠲᠤᠪᠠᠷ ᠪᠠᠶᠢᠭᠤᠯᠬᠤ᠂ ᠦᠷ᠎ᠡ ᠪᠦᠲᠦᠮᠵᠢ ᠶᠢ ᠬᠠᠮᠲᠤᠪᠠᠷ ᠦᠨᠡᠯᠡᠬᠦ᠂ ᠪᠠᠶᠢᠭᠤᠯᠤᠭᠰᠠᠨ ᠤ ᠳᠠᠷᠠᠭ᠎ᠠ ᠬᠠᠮᠲᠤᠪᠠᠷ ᠬᠠᠮᠢᠶᠠᠷᠬᠤ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ︽ᠲᠠᠪᠤᠨ ᠬᠠᠮᠲᠤ ᠪᠠᠷ︾᠎ ᠤᠨ ᠵᠠᠭᠪᠤᠷ ᠶᠣᠰᠣᠭᠠᠷ᠂ ᠲᠠᠷᠠᠬᠠᠢ ᠪᠤᠲᠠᠷᠬᠠᠢ ᠭᠠᠵᠠᠷ ᠢ ᠬᠡᠪᠴᠢᠶᠡᠵᠢᠭᠦᠯᠦᠨ ᠡᠵᠡᠩᠨᠡᠬᠦ ᠥᠨᠳᠥᠷ ᠤᠨᠠᠯᠲᠠ ᠲᠠᠢ ᠲᠠᠷᠢᠶᠠᠨ ᠭᠠᠵᠠᠷ ᠪᠣᠯᠭᠠᠨ ᠬᠤᠪᠢᠷᠠᠭᠤᠯᠵᠠᠢ᠃ ᠣᠳᠣᠬᠠᠨ ᠳᠤ᠂ ᠯᠦᠩ ᠰᠢᠩ ᠴᠠᠩ ᠪᠠᠯᠭᠠᠰᠤ ᠶᠢᠨ ᠶᠦᠩ ᠶᠤᠸᠠᠢ ᠲᠣᠰᠬᠤᠨ᠂ ᠭᠤᠸᠠᠩ ᠮᠢᠩ ᠲᠣᠰᠬᠤᠨ ᠤ 16900 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠣᠭᠲᠠᠭᠤᠨ ᠢᠶᠠᠷ ᠠᠬᠢᠭᠤᠯᠵᠤ ᠪᠤᠢ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠬᠥᠷᠥᠰᠥ ᠰᠢᠷᠣᠢ ᠶᠢ ᠰᠠᠶᠢᠵᠢᠷᠠᠭᠤᠯᠬᠤ ᠢᠨᠵᠧᠨᠧᠷᠢᠩ᠂ ᠤᠰᠤᠯᠠᠯᠲᠠ ᠶᠢᠨ ᠢᠨᠵᠧᠨᠧᠷᠢᠩ᠂ ᠲᠠᠷᠢᠶᠠᠨ ᠭᠠᠵᠠᠷ ᠤᠨ ᠬᠠᠮᠠᠭᠠᠯᠠᠯᠲᠠ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠵᠡᠷᠭᠡ ᠪᠠᠭᠲᠠᠨ᠎ᠠ᠃ ᠨᠠᠮᠤᠷ ᠤᠨ ᠬᠤᠷᠢᠶᠠᠯᠲᠠ ᠶᠢᠨ ᠳᠠᠷᠠᠭᠠᠬᠢ ᠲᠠᠷᠢᠶᠠᠯᠠᠩ ᠤᠨ ᠰᠡᠯᠡᠭᠦᠦ ᠴᠠᠭ ᠢ ᠠᠮᠵᠢᠨ ᠠᠳᠬᠤᠬᠤ ᠶᠢᠨ ᠲᠥᠯᠥᠭᠡ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠤᠨ ᠲᠥᠯᠥᠭᠡᠯᠡᠭᠴᠢ᠂ ᠲᠣᠰᠬᠤᠨ ᠤ ᠨᠠᠮ ᠤᠨ ᠡᠭᠦᠷ ᠤᠨ ᠱᠦᠵᠢ᠂ ᠵᠢᠷᠤᠭ ᠲᠥᠯᠥᠪᠯᠡᠭᠡ ᠶᠢᠨ ᠨᠢᠭᠡᠴᠡ ᠵᠡᠷᠭᠡ ᠵᠢᠷᠭᠤᠭᠠᠨ ᠲᠠᠯ᠎ᠠ ᠶᠢᠨ ᠬᠢᠨ ᠬᠠᠮᠲᠤᠪᠠᠷ ᠠᠷᠭ᠎ᠠ ᠰᠦᠪᠡᠭᠴᠢᠯᠡᠵᠦ᠂ ᠲᠣᠰᠬᠤᠨ ᠤ ᠠᠷᠠᠳ ᠤᠨ ᠵᠥᠪᠰᠢᠶᠡᠷᠡᠭᠰᠡᠨ ᠨᠤᠷᠮ᠎ᠠ ᠶᠢ 85%᠎ ᠳᠤ ᠬᠦᠷᠭᠡᠬᠦ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠲᠣᠭᠲᠠᠭᠠᠬᠤ ᠶᠢ ᠬᠡᠷᠡᠭᠵᠢᠭᠦᠯᠬᠦ ᠴᠢᠬᠤᠯᠠ ᠦᠨᠳᠦᠰᠦᠯᠡᠯ ᠪᠣᠯᠭᠠᠵᠤ᠂ ᠲᠦᠷᠦᠯ ᠵᠦᠢᠯ ᠤᠨ ᠤᠷᠤᠭᠰᠢᠲᠠᠢ ᠠᠵᠢᠯ ᠡᠬᠢᠯᠡᠬᠦ ᠶᠢ  ᠪᠠᠲᠤᠯᠠᠨ᠎ᠠ᠃      ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤᠨ ᠤ ᠶᠦᠩ ᠶᠤᠸᠠᠢ ᠲᠣᠰᠬᠤᠨ ᠤ ᠨᠠᠮ ᠤᠨ ᠡᠭᠦᠷ ᠤᠨ ᠱᠦᠵᠢ ᠭᠦᠸᠧ ᠬᠠᠢ ᠰᠢᠶᠣᠣ ᠰᠤᠷᠪᠤᠯᠵᠢᠯᠠᠭᠴᠢ ᠳᠤ᠂ ᠡᠮᠦᠨᠡᠬᠢ ᠬᠤᠭᠤᠴᠠᠭᠠᠨ ᠳᠤ ᠢᠨᠵᠧᠨᠧᠷᠢᠩ ᠤᠨ ᠵᠢᠷᠤᠭ ᠲᠥᠯᠥᠪᠯᠡᠭᠡ ᠠᠴᠠ ᠠᠪᠤᠭᠠᠳ ᠬᠢᠨᠠᠨ ᠬᠠᠷᠭᠤᠭᠤᠯᠬᠤ ᠬᠦᠷᠲᠡᠯᠡᠬᠢ ᠵᠢᠷᠤᠭ ᠲᠥᠯᠥᠪᠯᠡᠭᠡ ᠨᠢ ᠠᠷᠠᠳ ᠣᠯᠠᠨ ᠤ ᠬᠦᠰᠡᠯ ᠪᠣᠳᠣᠯ ᠢ ᠥᠷᠭᠡᠨ ᠎ ᠢᠶᠠᠷ ᠬᠤᠷᠢᠶᠠᠵᠤ᠂ ᠪᠣᠳᠠᠲᠤ ᠬᠡᠷᠡᠭᠯᠡᠭᠡᠨ ᠤ ᠴᠢᠨᠠᠷᠲᠠᠢ ᠮᠥᠷᠲᠡᠭᠡᠨ ᠪᠠᠰᠠ ᠨᠡᠯᠢᠶᠡᠳ ᠰᠠᠶᠢᠨ ᠴᠢᠨᠠᠷᠲᠠᠢ ᠪᠣᠯᠵᠠᠢ᠃ ᠪᠠᠷᠢᠯᠭ᠎ᠠ ᠶᠢᠨ ᠶᠠᠰᠤ ᠴᠢᠨᠠᠷ ᠤᠨ ᠲᠠᠯ᠎ᠠ ᠠᠴᠠ ᠠᠪᠴᠤ ᠦᠵᠡᠪᠡᠯ᠂ ᠪᠣᠭᠤᠮᠲᠠ ᠶᠢ ᠴᠢᠩᠭ᠎ᠠ ᠠᠳᠬᠤᠵᠤ᠂ ᠦᠨᠡᠬᠡᠷ ᠥᠨᠳᠥᠷ ᠪᠠᠷᠢᠮᠵᠢᠶ᠎ᠠ ᠲᠠᠢ᠂ ᠥᠨᠳᠥᠷ ᠶᠠᠰᠤ ᠴᠢᠨᠠᠷ ᠲᠠᠢ ᠪᠠᠶᠢᠨ᠎ᠠ ᠭᠡᠵᠦ ᠪᠠᠶᠢᠯ᠎ᠠ᠃      ᠡᠨᠡ ᠵᠢᠯ ᠦᠶᠤᠸᠠᠨ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ 37.62 ᠲᠦᠮᠡᠨ ᠮᠦ ᠳᠤ ᠬᠦᠷᠴᠦ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠶᠢ 32.81 ᠲᠦᠮᠡᠨ ᠮᠦ ᠳᠤ ᠪᠡᠶᠡᠯᠡᠭᠦᠯᠵᠦ᠂ ᠣᠲᠣ ᠨᠢᠭᠡᠨᠲᠡ ᠪᠦᠬᠦᠨ ᠢᠶᠠᠷ ᠢᠶᠠᠨ ᠠᠵᠢᠯ ᠡᠬᠢᠯᠡᠭᠦᠯᠦᠭᠰᠡᠨ ᠪᠠᠶᠢᠨ᠎ᠠ᠃      2023 ᠣᠨ ᠳᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠲᠦᠷᠦᠭᠦᠸ ᠪᠦᠯᠦᠭ ᠨᠢ ᠪᠥᠬᠦ ᠤᠯᠤᠰ ᠤᠨ ᠪᠦᠬᠦᠯᠢ ᠤᠰᠤᠯᠠᠯᠲᠠ ᠶᠢᠨ ᠣᠷᠣᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠷᠰᠢᠯᠲᠠ ᠳᠤ ᠵᠢᠭᠰᠠᠭᠠᠭᠳᠠᠪᠠ᠂ ᠮᠠᠨ ᠤ ᠬᠤᠲᠠ 5 ᠵᠢᠯ ᠤᠨ ᠬᠤᠭᠤᠴᠠᠭ᠎ᠠ ᠶᠢ ᠠᠰᠢᠭᠯᠠᠨ᠂ ᠤᠰᠤᠯᠠᠯᠲᠠ ᠶᠢᠨ ᠣᠷᠣᠨ ᠳᠤ ᠬᠡᠷᠡᠭᠵᠢᠭᠦᠯᠵᠦ ᠪᠣᠯᠬᠤ 739.39 ᠲᠦᠮᠡᠨ ᠮᠦ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠴᠥᠮ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠣᠶ᠂ ᠡᠭᠦᠨ ᠳᠤ 81.34 ᠲᠦᠮᠡᠨ ᠮᠦ ᠶᠢ ᠰᠢᠨ᠎ᠡ ᠪᠠᠷ ᠪᠠᠶᠢᠭᠤᠯᠵᠤ᠂ 658.05 ᠲᠦᠮᠡᠨ ᠮᠦ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃ ᠠᠬᠢᠭᠤᠯᠬᠤ ᠶᠠᠪᠤᠴᠠ ᠳᠤ᠂ ᠮᠠᠨ ᠤ ᠬᠤᠲᠠ ︽ᠭᠤᠷᠪᠠ ᠶᠢ ᠡᠪᠳᠡᠵᠦ᠂ ᠲᠠᠪᠤ ᠶᠢ ᠨᠢᠭᠡᠳᠬᠡᠵᠦ᠂ ᠨᠢᠭᠡ ᠶᠢ ᠰᠢᠨ᠎ᠡ ᠪᠠᠷ ᠪᠠᠶᠢᠭᠤᠯᠬᠤ︾ ᠴᠡᠭᠴᠡᠯᠡᠨ ᠵᠠᠰᠠᠬᠤ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ︽ᠨᠢᠭᠡ ᠡᠷᠦᠬᠡ ᠳᠤ ᠨᠢᠭᠡ ᠲᠠᠷᠢᠶᠠᠨ ᠭᠠᠵᠠᠷ ᠤᠨ ᠳᠦᠷᠢᠮ︾᠎ ᠤᠨ ᠬᠠᠮᠢᠶᠠᠷᠤᠯᠲᠠ ᠶᠢᠨ ᠵᠠᠭᠪᠤᠷ ᠢ ᠶᠡᠬᠡᠪᠡᠷ ᠬᠡᠷᠡᠭᠵᠢᠭᠦᠯᠦᠨ᠂ ᠪᠦᠬᠦᠯᠢ ᠰᠤᠪᠠᠭ ᠤᠨ ᠰᠢᠰᠲ᠋ᠧᠮ᠂ ᠪᠦᠬᠦᠯᠢ ᠰᠢᠶᠠᠨ᠂ ᠪᠦᠬᠦᠯᠢ ᠪᠠᠯᠭᠠᠰᠤ᠂ ᠪᠦᠬᠦᠯᠢ ᠲᠣᠰᠬᠤᠨ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠵᠤ᠂ ᠲᠠᠷᠠᠬᠠᠢ ᠪᠤᠲᠠᠷᠬᠠᠢ ᠭᠠᠵᠠᠷ ᠰᠢᠷᠣᠢ ᠶᠢ ᠬᠡᠪᠴᠢᠶᠡᠵᠢᠭᠦᠯᠦᠨ ᠡᠵᠡᠩᠨᠡᠬᠦ ᠥᠨᠳᠥᠷ ᠤᠨᠠᠯᠲᠠ ᠲᠠᠢ ᠲᠠᠷᠢᠶᠠᠨ ᠭᠠᠵᠠᠷ ᠪᠣᠯᠭᠠᠨ ᠬᠤᠪᠢᠷᠠᠭᠤᠯᠤᠨ᠎ᠠ᠃ ᠡᠨᠡ ᠵᠢᠯ᠂ ᠪᠥᠬᠦ ᠬᠤᠲᠠ ᠳᠤ 70.03 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠪᠠᠷ ᠳᠡᠮᠵᠢᠨ ᠂ ᠮᠦ ᠪᠦᠷᠢ ᠳᠤ ᠳᠤᠮᠳᠠᠴᠢ ᠪᠠᠷ 19 ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠵᠤ᠂ ᠲᠠᠷᠢᠶᠠᠨ ᠭᠠᠵᠠᠷ ᠢ 2% ᠣᠷᠴᠢᠮ ᠰᠢᠨ᠎ᠡ ᠪᠠᠷ ᠨᠡᠮᠡᠭᠳᠡᠭᠦᠯᠦᠨ᠂ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠮᠦ ᠪᠦᠷᠢ ᠳᠤ 100 ᠺᠢᠯᠣᠭ᠍ᠷᠠᠮ ᠨᠡᠮᠡᠭᠳᠡᠭᠦᠯᠵᠦ᠂ ᠮᠠᠰᠢᠨᠴᠢᠯᠠᠭᠰᠠᠨ᠂ ᠬᠡᠪᠴᠢᠶᠡᠵᠢᠭᠦᠯᠦᠭᠰᠡᠨ᠂ ᠠᠵᠤ ᠦᠶᠢᠯᠡᠰᠵᠢᠭᠦᠯᠦᠭᠰᠡᠨ ᠡᠵᠡᠩᠨᠡᠯᠲᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ