︽ᠪᠠᠶᠠᠨᠨᠠᠭᠤᠷ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2024 ᠣᠨ ᠤ ᠬᠡᠪᠯᠡᠯ︶︾᠎ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/12/27
      ᠨᠢᠭᠡ᠂ ᠠᠵᠢᠯ ᠤᠨ ᠠᠬᠤᠢ ᠪᠠᠶᠢᠳᠠᠯ      ︽︿ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠡᠷᠬᠡ ᠶᠢᠨ ᠨᠠᠷᠢᠨ ᠬᠠᠭᠤᠳᠠᠰᠤ ᠶᠢᠨ ᠲᠦᠷᠢᠮ ᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ﹀᠎ ᠢ ᠳᠠᠷᠤᠮᠠᠯᠯᠠᠨ ᠶᠠᠪᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠪᠣᠯᠤᠨ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2023 ᠣᠨ ᠤ ᠬᠡᠪᠯᠡᠯ︶ ᠵᠢᠴᠢ ᠳᠣᠷᠣᠭᠰᠢ ᠪᠠᠭᠤᠯᠭᠠᠬᠤ ᠭᠠᠷᠴᠠᠭ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠪᠥᠬᠦ ᠬᠤᠲᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠪᠠ ᠬᠠᠷᠢᠭᠤᠴᠠᠯᠭ᠎ᠠ ᠶᠢᠨ ᠵᠦᠢᠯᠡᠰ ᠤᠨ ᠬᠠᠮᠢᠶᠠᠷᠤᠯᠲᠠ ᠶᠢ ᠨᠢᠭᠡᠳᠦᠯᠲᠡᠶ ᠵᠢᠷᠤᠮᠵᠢᠭᠤᠯᠵᠤ᠂ ᠨᠠᠷᠢᠨ ᠲᠠᠩᠰᠠᠴᠢᠯᠠᠭᠰᠠᠨ᠂ ᠭᠠᠷᠴᠠᠭᠵᠢᠭᠰᠠᠨ᠂ ᠵᠢᠷᠤᠮᠵᠢᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠥᠬᠦ ᠤᠯᠤᠰ ᠲᠤ ᠨᠢᠭᠡᠳᠦᠯᠲᠡᠶ ᠲᠥᠯᠥᠪᠯᠡᠭᠰᠡᠨ᠂ ᠱᠠᠲᠤ ᠬᠤᠪᠢᠶᠠᠨ ᠬᠠᠷᠢᠭᠤᠴᠠᠭᠰᠠᠨ᠂ ᠵᠦᠢᠯᠡᠰ ᠨᠢᠭᠡᠳᠦᠯᠲᠡᠶ᠂ ᠡᠷᠬᠡ ᠬᠠᠷᠢᠭᠤᠴᠠᠯᠭ᠎ᠠ ᠲᠣᠳᠣᠷᠬᠠᠶ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠲᠠᠩᠰᠠ ᠶᠢᠨ ᠰᠢᠰᠲ᠋ᠧᠮ ᠢ ᠪᠠᠶᠢᠭᠤᠯᠵᠤ᠂ ︽ᠬᠠᠤᠯᠢ ᠶᠣᠰᠣᠭᠠᠷ ᠡᠷᠬᠡ ᠣᠯᠭᠤᠭᠰᠠᠨ ᠥᠬᠡᠶ ᠨᠢ ᠶᠠᠪᠤᠭᠳᠠᠵᠤ ᠪᠣᠯᠬᠤ ᠥᠬᠡᠶ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠬᠡᠪᠰᠢ ᠬᠢᠬᠦ ᠬᠡᠷᠡᠭᠲᠡᠶ︾᠂ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠪᠠ᠃      ᠬᠤᠶᠠᠷ᠂ ᠬᠡᠷᠡᠭᠯᠡᠬᠦ ᠬᠡᠪᠴᠢᠶ᠎ᠡ      ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠡᠭᠦᠷᠭᠡᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠭᠦᠢᠴᠡᠳᠬᠡᠬᠦ ᠬᠠᠮᠢᠶᠠᠷᠤᠯᠲᠠ ᠶᠢᠨ ᠨᠢᠭᠡᠴᠢ ᠬᠡᠷᠡᠭᠵᠢᠭᠦᠯᠦᠨ᠎ᠡ᠃      ᠭᠤᠷᠪᠠ᠂ ᠭᠤᠣᠯ ᠠᠭᠤᠯᠭ᠎ᠠ      ᠪᠠᠶᠠᠨᠨᠠᠭᠤᠷ ᠬᠤᠲᠠ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠨᠢ 43 ᠰᠠᠯᠠᠭ᠎ᠠ ᠮᠥᠴᠢᠷ ᠲᠤ ᠬᠤᠯᠪᠣᠭᠳᠠᠵᠤ᠂ 6458 ᠤᠴᠢᠷ ᠶᠠᠪᠤᠳᠠᠯ ᠢ ᠦᠯᠡᠳᠡᠭᠡᠵᠦ᠂ 1124 ᠬᠡᠷᠡᠭ ᠶᠠᠪᠤᠳᠠᠯ ᠢ ᠬᠦᠴᠦᠨ ᠥᠬᠡᠶ ᠪᠣᠯᠭᠠᠪᠠ᠃ ᠦᠯᠡᠳᠡᠭᠡᠬᠦ ᠵᠦᠢᠯᠡᠰ ᠤᠨ ᠭᠠᠷᠴᠠᠭ ᠲᠤ ᠭᠤᠶᠤᠴᠢᠯᠠᠭᠰᠠᠨ ᠵᠦᠢᠯ 481 ︵ᠵᠠᠰᠠᠭ ᠵᠠᠬᠢᠷᠭᠠᠨ ᠤ ᠵᠥᠪᠰᠢᠶᠡᠷᠡᠯ 294᠂ ᠵᠠᠰᠠᠭ ᠵᠠᠬᠢᠷᠭᠠᠨ ᠤ ᠨᠤᠲᠠᠯᠠᠯᠲᠠ 49᠂ ᠵᠠᠰᠠᠭ ᠵᠠᠬᠢᠷᠭᠠᠨ ᠤ ᠱᠠᠩᠨᠠᠯ 41 ᠵᠦᠢᠯ᠂ ᠵᠠᠰᠠᠭ ᠵᠠᠬᠢᠷᠭᠠᠨ ᠤ ᠲᠠᠰᠤᠯᠤᠯᠲᠠ 8 ᠵᠦᠢᠯ᠂ ᠵᠠᠰᠠᠭ ᠵᠠᠬᠢᠷᠭᠠᠨ ᠤ ᠲᠠᠰᠤᠯᠤᠯᠲᠠ 16᠂ ᠵᠠᠰᠠᠭ ᠵᠠᠬᠢᠷᠭᠠᠨ ᠤ ᠳᠠᠩᠰᠠᠯᠠᠯ 73 ᠵᠦᠢᠯ︶᠂ ᠡᠷᠬᠡ ᠲᠤᠰᠢᠶᠠᠯ ᠤᠨ ᠶᠣᠰᠣᠭᠠᠷ 5926 ᠵᠦᠢᠯ ︵ᠵᠠᠰᠠᠭ ᠵᠠᠬᠢᠷᠭᠠᠨ ᠤ ᠰᠢᠢᠳᠬᠡᠯ 5190 ᠵᠦᠢᠯ᠂ ᠵᠠᠰᠠᠭ ᠵᠠᠬᠢᠷᠭᠠᠨ ᠤ ᠠᠯᠪᠠᠳᠠᠯᠭ᠎ᠠ 225 ᠵᠦᠢᠯ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ 511 ᠵᠦᠢᠯ︶᠂ ᠪᠤᠰᠤᠳ ᠵᠠᠰᠠᠭ ᠵᠠᠬᠢᠷᠭᠠᠨ ᠤ ᠡᠷᠬᠡ 51 ᠵᠦᠢᠯ ᠪᠠᠶᠢᠨ᠎ᠠ᠃ ᠳᠣᠷᠣᠭᠰᠢ ᠪᠠᠭᠤᠯᠭᠠᠭᠰᠠᠨ  ᠵᠦᠢᠯᠡᠰ ᠤᠨ ᠭᠠᠷᠴᠠᠭ ᠳᠣᠲᠣᠷ᠎ᠠ 370  ᠵᠦᠢᠯᠡᠰ ᠢ ᠬᠦᠴᠦᠨ ᠥᠬᠡᠶ ᠪᠣᠯᠭᠠᠵᠤ᠂ 754  ᠵᠦᠢᠯ ᠢ ᠳᠣᠷᠣᠭᠰᠢ ᠪᠠᠭᠤᠯᠭᠠᠪᠠ᠃      ᠳᠥᠷᠪᠡ᠂ ᠨᠡᠶᠢᠲᠡᠯᠡᠬᠦ ᠬᠡᠯᠪᠡᠷᠢ      ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠡᠭᠦᠳᠡ ᠰᠦᠯᠵᠢᠶᠡᠨ ᠤ ᠥᠷᠲᠡᠭᠡ ᠪᠠᠷ ᠳᠠᠮᠵᠢᠨ ᠨᠡᠢᠭᠡᠮ ᠳᠤ ᠨᠡᠢᠲᠡᠯᠡᠨ᠎ᠡ᠃      ᠲᠠᠪᠤ᠂ ᠳᠠᠭᠠᠯᠳᠤᠭᠤᠯᠤᠭᠰᠠᠨ ᠳᠦᠷᠢᠮ      ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠲᠠᠶᠢᠯᠪᠤᠷᠢᠯᠠᠬᠤ ᠡᠷᠬᠡ ᠶᠢ ᠪᠠᠶᠠᠨᠨᠠᠭᠤᠷ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ