ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ | ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠠᠷᠭ᠎ᠠ ᠬᠡᠮᠵᠢᠶ᠎ᠡ ᠶᠢᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠵᠢᠴᠢ ᠤᠯᠤᠰ ᠤᠨ ᠵᠠᠷᠯᠢᠭ 783 ᠳ᠋ᠤᠭᠠᠷ ᠲᠣᠭᠠᠲᠤ ︽ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠦᠷᠢᠮ︾ ᠵᠡᠷᠭᠡ ᠬᠠᠮᠢᠶ᠎ᠠ | ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 14 ᠳ᠋ᠦᠭᠡᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠰᠤᠳᠤᠯᠤᠨ ᠪᠠᠲᠤᠯᠠᠭᠠᠳ᠂ ︽︿ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠵᠤ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ︵ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ︾ ᠶᠢᠨ ᠬᠡᠰᠡᠭ ᠵᠦᠢᠯ ᠵᠤᠷᠪᠤᠰ ᠲᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠪᠠᠶᠠᠨᠨᠠᠭᠤᠷ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠬᠦᠴᠦᠨ ᠥᠬᠡᠶ ᠪᠣᠯᠭᠠᠬᠤ ᠪᠠᠷ ᠲᠣᠭᠲᠠᠪᠠ᠃ | ᠲᠤᠰ ᠮᠡᠳᠡᠭᠳᠡᠯ ᠢ ᠪᠠᠭᠤᠯᠭᠠᠭᠰᠠᠨ ᠡᠳᠦᠷ ᠠᠴᠠ ᠡᠬᠢᠯᠡᠨ᠂ ᠬᠡᠷᠡᠭᠵᠢᠭᠦᠯᠬᠦ ᠪᠠᠨ ᠵᠣᠭᠰᠣᠭᠠᠭᠰᠠᠨ ᠪᠢᠴᠢᠭ ᠮᠠᠲ᠋ᠧᠷᠢᠶᠠᠯ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 12 ᠰᠠᠷ᠎ᠠ ᠶᠢᠨ 10 ᠤ ᠡᠳᠦᠷ | ︵ᠲᠤᠰ ᠵᠦᠢᠯ ᠢ ᠢᠯᠡ ᠪᠠᠷ ᠨᠡᠶᠢᠲᠡᠯᠡᠵᠡᠢ ︶ | |