ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠠᠨᠨᠠᠭᠤᠷ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2024 ᠣᠨ ᠤ ᠬᠡᠪᠯᠡᠯ︶ ᠵᠢᠴᠢ ᠭᠠᠷᠴᠠᠭ ᠢ ᠬᠦᠴᠦᠨ ᠥᠬᠡᠶ ᠪᠣᠯᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/12/27
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠤᠰᠠᠳᠠ᠂ ︽ᠪᠠᠶᠠᠨᠨᠠᠭᠤᠷ ᠬᠤᠲᠠ ᠶᠢᠨ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2020 ᠣᠨ ᠤ ᠬᠡᠪᠯᠡᠯ︶︾ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2023 ᠣᠨ ᠤ ᠬᠡᠪᠯᠡᠯ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2024 ᠣᠨ ᠤ ᠬᠡᠪᠯᠡᠯ︶ ᠵᠢᠴᠢ ᠳᠣᠷᠣᠭᠰᠢ ᠪᠠᠭᠤᠯᠭᠠᠬᠤ ᠭᠠᠷᠴᠠᠭ︾ ᠲᠠᠢ ᠤᠶᠠᠯᠳᠤᠭᠤᠯᠤᠨ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠨᠠᠷᠢᠯᠢᠭᠵᠢᠭᠤᠯᠤᠨ ᠡᠮᠬᠢᠯᠡᠵᠦ᠂ ︽ᠪᠠᠶᠠᠨᠨᠠᠭᠤᠷ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2024 ᠣᠨ ᠤ ᠬᠡᠪᠯᠡᠯ︶ ᠵᠢᠴᠢ ᠳᠣᠷᠣᠭᠰᠢ ᠪᠠᠭᠤᠯᠭᠠᠬᠤ ᠭᠠᠷᠴᠠᠭ︾ ᠢ ᠪᠣᠶ ᠪᠣᠯᠭᠠᠵᠤ᠂ ᠡᠭᠦᠨ ᠳᠤ 6458 ᠵᠦᠢᠯ ᠤᠨ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠦᠯᠡᠳᠡᠭᠡᠵᠦ᠂ ︽ᠪᠠᠶᠠᠨᠨᠠᠭᠤᠷ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2024 ᠣᠨ ᠤ ᠬᠡᠪᠯᠡᠯ︶ ᠵᠢᠴᠢ ᠬᠦᠴᠦᠨ ᠥᠬᠡᠶ ᠪᠣᠯᠭᠠᠬᠤ ᠭᠠᠷᠴᠠᠭ︾ ᠢ ᠬᠦᠴᠦᠨ ᠥᠬᠡᠶ ᠪᠣᠯᠭᠠᠬᠤ ᠶᠢᠨ ᠬᠠᠮᠲᠤ ᠳᠣᠤᠷᠠᠬᠢ ᠮᠡᠲᠦ ᠠᠵᠢᠯ ᠤᠨ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ ᠲᠤᠤᠱᠯᠠᠭᠤᠯᠤᠨ ᠨᠠᠶᠢᠳᠠᠪᠤᠷᠢᠵᠢᠭᠤᠯᠳᠤᠭᠠᠢ᠃      ᠨᠢᠭᠡ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠴᠢᠩᠭ᠎ᠠ ᠨᠠᠶᠢᠳᠠᠪᠤᠷᠢᠵᠢᠭᠤᠯᠤᠨ᠎ᠠ     ︽ᠪᠠᠶᠠᠨᠨᠠᠭᠤᠷ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2024 ᠣᠨ ᠤ ᠬᠡᠪᠯᠡᠯ︶ ᠵᠢᠴᠢ ᠬᠦᠴᠦᠨ ᠥᠬᠡᠶ ᠪᠣᠯᠭᠠᠬᠤ ᠭᠠᠷᠴᠠᠭ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠲᠡᠯᠡᠵᠦ᠂ ᠡᠯ᠎ᠡ ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠡᠷᠬᠡᠪᠰᠢ ᠡᠭᠦᠷᠭᠡᠯᠡᠵᠦ᠂ ᠬᠠᠤᠯᠢ ᠪᠠᠷ ᠡᠷᠬᠡ ᠣᠯᠭᠤᠭᠰᠠᠨ ᠥᠬᠡᠶ ᠪᠣᠯ ᠬᠢᠵᠦ ᠪᠣᠯᠬᠤ ᠥᠬᠡᠶ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠦᠬᠦᠨ ᠢ ᠨᠠᠷᠢᠨ ᠲᠠᠩᠰᠠ ᠶᠢᠨ ᠬᠠᠮᠢᠶᠠᠷᠤᠯᠲᠠ ᠳᠤ ᠣᠷᠣᠭᠤᠯᠵᠤ᠂ ᠨᠠᠷᠢᠨ ᠬᠠᠭᠤᠳᠠᠰᠤ ᠠᠴᠠ ᠭᠠᠳᠠᠨ᠎ᠠ ᠴᠥᠮ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠵᠦ ᠪᠣᠯᠬᠤ ᠥᠬᠡᠶ᠃      ᠬᠤᠶᠠᠷ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠲᠣᠬᠢᠷᠠᠭᠤᠯᠤᠨ᠎ᠠ      ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠨᠡᠶᠢᠲᠡᠯᠡᠬᠦ᠂ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠬᠤ ᠪᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠵᠢᠴᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠂ ᠡᠭᠦᠷᠭᠡ ᠬᠠᠷᠢᠭᠤᠴᠠᠯᠭ᠎ᠠ ᠵᠡᠷᠭᠡ ᠪᠠᠶᠢᠳᠠᠯ ᠢ ᠦᠨᠳᠦᠰᠦᠯᠡᠨ᠂ ᠲᠣᠰ ᠬᠤᠰᠢᠭᠤ ᠰᠢᠶᠠᠨ ᠲᠣᠭᠤᠷᠢᠭ᠂ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠠᠭ ᠲᠤᠬᠠᠶ ᠳᠤᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠨᠠᠷᠢᠨ ᠲᠠᠩᠰᠠ ᠶᠢᠨ ᠬᠠᠤᠯᠢ ᠶᠣᠰᠣᠴᠢ ᠴᠢᠨᠠᠷ᠂ ᠴᠠᠭ ᠬᠤᠭᠤᠴᠠᠭᠠᠲᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃      ᠭᠤᠷᠪᠠ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠵᠢᠷᠤᠮᠵᠢᠭᠤᠯᠤᠨ ᠠᠵᠢᠯᠯᠠᠭᠤᠯᠤᠨ᠎ᠠ      ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠢᠯᠡ ᠲᠣᠳᠣ ᠪᠠᠶᠢᠯᠭᠠᠬᠤ ᠡᠷᠴᠢᠮ ᠢᠶᠠᠨ ᠴᠢᠩᠭᠠᠷᠠᠭᠤᠯᠤᠨ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠷᠬᠡ ᠶᠢᠨ ᠠᠵᠢᠯᠯᠠᠭᠠᠨ ᠳᠤ ᠪᠦᠲᠦᠮᠵᠢᠲᠡᠶ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠬᠦ ᠬᠡᠷᠡᠭᠲᠡᠶ᠃      ᠳᠠᠭᠠᠯᠳᠤᠭᠤᠯᠤᠯ᠄ ᠪᠠᠶᠠᠨᠨᠠᠭᠤᠷ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2024 ᠣᠨ ᠤ ᠬᠡᠪᠯᠡᠯ︶ ᠵᠢᠴᠢ ᠬᠦᠴᠦᠨ ᠥᠬᠡᠶ ᠪᠣᠯᠭᠠᠬᠤ ᠭᠠᠷᠴᠠᠭ ᠢ                             ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ                                2024 ᠣᠨ ᠤ 12 ᠰᠠᠷ᠎ᠠ ᠶᠢᠨ 9 ᠤ ᠡᠳᠦᠷ     ︵ᠲᠤᠰ ᠵᠦᠢᠯ ᠢ ᠢᠯᠡ ᠪᠠᠷ ᠨᠡᠶᠢᠲᠡᠯᠡᠵᠡᠢ ︶   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ