ᠨᠢᠭᠡ᠂ ᠳᠠᠷᠤᠮᠠᠯᠯᠠᠨ ᠲᠠᠷᠬᠠᠭᠠᠭᠰᠠᠨ ᠠᠬᠤᠶ ᠪᠠᠶᠢᠳᠠᠯ | ︽︿ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ | ᠶᠠᠪᠤᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ︹2022︺ 28 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠬᠤᠭᠤᠯᠠ ᠲᠤᠰᠠᠯᠠᠬᠤ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ ᠬᠥᠭᠵᠢᠭᠦᠯᠬᠦ ᠬᠡᠷᠡᠭᠵᠢᠭᠦᠯᠬᠦ ᠲᠥᠰᠦᠯ | ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ﹇2020﹈ 11 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠰᠤᠲᠠᠶᠢᠴᠤᠳ ᠤᠨ | ᠬᠤᠭᠤᠯᠠ ᠲᠤᠰᠠᠯᠠᠬᠤ ᠦᠢᠯᠡᠴᠢᠯᠡᠭᠡ ᠶᠢ ᠪᠠᠶᠠᠨᠨᠠᠭᠤᠷ ᠬᠤᠲᠠ ᠶᠢᠨ ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠨᠠᠷᠢᠨ ᠬᠠᠭᠤᠳᠠᠰᠤ ᠳᠤ ᠣᠷᠣᠭᠤᠯᠤᠨ᠎ᠠ᠃ | ᠬᠤᠶᠠᠷ᠂ ︽ᠪᠠᠶᠠᠨᠨᠠᠭᠤᠷ ᠬᠤᠲᠠ ᠶᠢᠨ 2024 ᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾ ᠶᠢᠨ ᠠᠴᠢ | ᠬᠤᠯᠪᠣᠭᠳᠠᠯ ᠢ ᠲᠣᠭᠲᠠᠭᠠᠪᠠ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠣᠭᠲᠠᠭᠠᠬᠤ ᠪᠣᠯ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠬᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠳᠦᠷᠢᠮ ᠢ ᠲᠡᠭᠦᠯᠳᠡᠷᠵᠢᠭᠦᠯᠬᠦ ᠴᠢᠬᠤᠯᠠ ᠠᠷᠭ᠎ᠠ | ᠬᠡᠮᠵᠢᠶ᠎ᠡ ᠪᠣᠯᠤᠨ᠎ᠠ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠨᠡᠶᠢᠲᠡᠯᠡᠬᠦ ᠪᠠᠷ ᠳᠠᠮᠵᠢᠭᠤᠯᠤᠨ᠂ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠦᠢᠯᠡᠴᠢᠯᠡᠭᠡ ᠨᠢ ᠬᠡᠨ ᠪᠤᠢ︾᠂ ︽ᠶᠠᠭᠠᠬᠢᠵᠤ ᠦᠢᠯᠡᠴᠢᠯᠡᠬᠦ︾᠂ ︽ᠬᠡᠨ ᠦᠢᠯᠡᠴᠢᠯᠡᠭᠡ ᠬᠠᠩᠭᠠᠬᠤ︾ | ᠠᠰᠠᠭᠤᠳᠠᠯ ᠢ ᠲᠣᠳᠣᠷᠬᠠᠶᠢᠯᠠᠵᠤ᠂ ᠥᠷᠭᠡᠨ ᠣᠯᠠᠨ ᠠᠷᠠᠳ ᠲᠦᠮᠡᠨ ᠤ ᠵᠠᠰᠠᠭ ᠤᠨ ᠣᠷᠳᠣᠨ ᠳᠤ ᠬᠠᠩᠭᠠᠭᠰᠠᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠷᠥᠯ ᠵᠦᠢᠯ ᠢ ᠨᠢᠭᠡᠳ ᠨᠢᠭᠡ ᠪᠠᠷ ᠣᠶᠢᠯᠠᠭᠠᠵᠤ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠦᠷᠲᠡᠬᠦ ᠳᠤ ᠤᠯᠠᠮ | ᠨᠢᠭᠡ ᠠᠯᠬᠤᠮ ᠲᠥᠬᠦᠮ ᠦᠵᠡᠭᠦᠯᠵᠦ᠂ ᠥᠷᠭᠡᠨ ᠣᠯᠠᠨ ᠨᠠᠰᠤᠲᠠᠶᠢᠴᠤᠳ ᠤᠨ ᠣᠯᠠᠨ ᠶᠠᠩᠵᠤ ᠶᠢᠨ᠂ ᠣᠯᠠᠨ ᠳᠡᠰ ᠳᠠᠪᠬᠤᠷᠭ᠎ᠠ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠎ᠠ᠃ | |