ᠭᠤᠣᠯ ᠡᠭᠦᠷᠭᠡ ᠬᠠᠷᠢᠭᠤᠴᠠᠯᠭ᠎ᠠ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠵᠢᠯ ᠤᠨ ᠭᠤᠣᠯ ᠡᠭᠦᠷᠭᠡ ᠬᠠᠷᠢᠭᠤᠴᠠᠯᠭ᠎ᠠ ᠪᠣᠯ ᠭᠠᠳᠠᠭᠠᠳᠤ | ᠶᠠᠪᠤᠳᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠵᠢᠯ ᠤᠨ | ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠭᠠᠳᠠᠭᠠᠳᠤ ᠶᠠᠪᠤᠳᠠᠯ ᠤᠨ ᠠᠵᠢᠯ ᠤᠨ | ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ | ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠴᠢᠬᠤᠯᠠ ᠶᠡᠭᠡ ᠭᠠᠳᠠᠭᠠᠳᠤ ᠳᠤ ᠬᠤᠯᠪᠣᠭᠳᠠᠬᠤ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠬᠦ ᠪᠠ ᠬᠠᠪᠰᠤᠷᠤᠨ | ᠰᠢᠢᠳᠪᠦᠷᠢᠯᠡᠨ᠎ᠡ︔ ᠴᠢᠬᠤᠯᠠ ᠭᠠᠳᠠᠭᠠᠳᠤ ᠶᠢᠨ ᠵᠣᠴᠢᠳ ᠢ ᠵᠣᠴᠢᠯᠠᠵᠤ᠂ ᠠᠯᠪᠠᠨ ᠶᠠᠪᠤᠳᠠᠯ ᠢᠶᠠᠷ ᠭᠠᠳᠠᠭᠠᠳᠤ ᠳᠤ ︵ᠭᠠᠵᠠᠷ ᠣᠷᠣᠨ︶ ᠵᠢᠴᠢ ᠨᠥᠬᠦᠷᠰᠡᠭ | ᠦᠨᠳᠦᠰᠦᠨ ᠱᠠᠲᠤᠨ ᠤ ᠨᠢᠭᠡᠴᠢ ᠲᠠᠢ ᠪᠠᠶᠢᠭᠤᠯᠬᠤ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠠᠷᠠᠳ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠶᠢᠨ | ᠠᠵᠢᠯ ᠢ ᠵᠢᠯᠣᠭᠤᠳᠤᠨ ᠬᠠᠮᠢᠶᠠᠷᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ ᠪᠠᠶᠠᠨᠨᠠᠭᠤᠷ | ᠬᠤᠲᠠ ᠶᠢᠨ ᠬᠠᠮᠢᠶᠠᠷᠤᠯᠲᠠ ᠶᠢᠨ ᠬᠡᠰᠡᠭ ᠤᠨ ᠬᠢᠯᠢ ᠶᠢᠨ ᠶᠠᠪᠤᠳᠠᠯ ᠢ ᠬᠠᠮᠢᠶᠠᠷᠬᠤ᠂ ᠬᠢᠯᠢ ᠬᠢᠵᠠᠭᠠᠷ ᠣᠷᠣᠨ᠂ ᠬᠢᠯᠢ ᠶᠢᠨ ᠪᠣᠭᠤᠮᠲᠠ ᠶᠢᠨ ᠭᠠᠳᠠᠭᠠᠳᠤ ᠳᠤ | ᠬᠤᠯᠪᠣᠭᠳᠠᠬᠤ ᠬᠡᠷᠡᠭ ᠶᠠᠪᠤᠳᠠᠯ ᠢ ᠬᠠᠮᠢᠶᠠᠷᠬᠤ ᠶᠢᠨ ᠬᠠᠮᠲᠤ ᠬᠢᠯᠢ ᠶᠢᠨ ᠬᠠᠮᠠᠭᠠᠯᠠᠯᠲᠠ ᠶᠢᠨ ᠬᠡᠯᠡᠯᠴᠡᠭᠡ᠂ ᠠᠭᠤᠯᠵᠠᠯᠳᠠ ᠶᠢᠨ ᠠᠵᠢᠯ ᠳᠤ ᠣᠷᠣᠯᠴᠠᠬᠤ ᠶᠢ | ᠵᠢᠯᠣᠭᠤᠳᠤᠨ ᠵᠢᠯᠣᠭᠤᠳᠤᠨ᠎ᠠ︔ ᠨᠠᠮ ᠪᠠ ᠤᠯᠤᠰ ᠠᠴᠠ ᠰᠢᠶᠠᠩᠭᠠᠩ᠂ ᠣᠣᠮᠧᠨ ᠤ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠡᠷᠭᠡ | ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠤᠨ᠎ᠠ᠃ | |