ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ | ᠬᠤᠲᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽︿ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠶ ᠬᠡᠷᠡᠭᠵᠢᠭᠦᠯᠬᠦ ᠲᠥᠰᠦᠯ﹀ ᠢ | ᠳᠠᠷᠤᠮᠠᠯᠯᠠᠨ ᠶᠠᠪᠤᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ | ᠲᠠᠷᠬᠠᠭᠠᠭᠰᠠᠨ ︹2022︺ 28 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ︽ᠪᠠᠶᠠᠨᠨᠠᠭᠤᠷ ᠬᠤᠲᠠ ᠶᠢᠨ 2024 ᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾ | ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠳᠠᠭᠠᠯᠳᠤᠭᠤᠯᠤᠯ᠄ ᠪᠠᠶᠠᠨᠨᠠᠭᠤᠷ ᠬᠤᠲᠠ ᠶᠢᠨ 2024 ᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 10 ᠰᠠᠷ᠎ᠠ ᠶᠢᠨ 29 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠪᠡ︶ | |